ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠬᠤᠷᠠᠯ ᠬᠤᠷᠠᠯᠳᠤᠭᠤᠯᠤᠨ ᠪᠦᠬᠦ ᠬᠤᠰᠢᠭᠤᠨ ᠤ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠨᠨ ᠨᠢ

6 ᠰᠠᠷ᠎ᠠ ᠶᠢᠨ 12᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠤᠨ ᠪᠦᠬᠦ ᠬᠤᠰᠢᠭᠤᠨ ᠤ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠬᠤᠷᠠᠯ ᠡᠷᠬᠢᠯᠡᠨ᠂ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠬᠤᠷᠠᠯ ᠳᠤ ᠤᠷᠤᠯᠴᠠᠪᠠ᠃

ᠬᠤᠷᠠᠯ ᠡᠴᠨ ᠴᠢᠩᠭᠠᠳᠬᠠᠭᠰᠨᠨ ᠨᠢ᠂ ᠪᠦᠬᠦ ᠺᠠᠳ᠋ᠷ ᠠᠵᠢᠯᠳᠠᠨ ᠪᠦᠬᠦ ᠬᠤᠰᠢᠭᠤᠨ ᠤ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠵᠤᠷᠢᠭ ᠰᠠᠨᠠᠭᠠᠨ ᠤ ᠠᠭᠤᠯᠤᠭᠳᠠᠬᠤᠨ ᠢ ᠬᠦᠨᠵᠡᠭᠡᠢ ᠤᠢᠯᠠᠭᠠᠨ᠂ ᠬᠤᠷᠠᠯ ᠤᠨ ᠵᠤᠷᠢᠭ ᠰᠠᠨᠠᠭᠠᠨ ᠤ ᠱᠠᠭᠠᠷᠳᠠᠯᠭ᠎ᠠ ᠶᠢ ᠪᠤᠳᠠᠳᠠᠢ ᠠᠵᠢᠯ ᠤᠨ ᠲᠤᠮᠳᠠ ᠦᠨᠡᠨᠬᠦ ᠲᠤᠭᠤᠰᠢᠯᠠᠭᠤᠯᠤᠨ ᠨᠠᠢᠳᠠᠪᠤᠷᠢᠵᠢᠭᠤᠯᠬᠤ ᠭᠡᠷᠡᠭᠳᠡᠢ᠃ ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠰᠢᠨ᠎ᠡ ᠴᠠᠭ ᠦᠶ᠎ᠠ ᠶᠢᠨ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤ ᠠᠵᠢᠯ ᠤᠨ ᠰᠢᠨ᠎ᠠ ᠪᠠᠢᠳᠠᠯ ᠢ ᠴᠢᠷᠮᠠᠢᠨ ᠡᠬᠦᠳᠬᠦ ᠭᠡᠷᠡᠭᠳᠡᠢ ᠭᠡᠵᠡᠢ᠃
ᠬᠤᠷᠠᠯ ᠡᠴᠨ᠂ ᠪᠦᠬᠦ ᠬᠤᠰᠢᠭᠤᠨ ᠤ ᠰᠢᠯᠢᠳᠡᠭ ᠡᠪ ᠬᠠᠮᠳᠤ ᠨᠠᠮ ᠤᠨ ᠭᠡᠰᠢᠬᠦᠨ ᠵᠢᠶᠠᠩ ᠯᠠᠢ ᠵᠤ ᠨᠦᠬᠦᠷ ᠤᠨ ᠲᠠᠷᠢᠬᠦᠨ ᠤ ᠤᠢᠯᠨ ᠠᠵᠢᠯᠯᠠᠭ᠎ᠠ ᠪᠠ《ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠠᠵᠢᠯ ᠢ ᠢᠯᠨ ᠪᠤᠯᠭᠠᠬᠤ ᠲᠦᠷᠢᠮ(ᠲᠤᠷᠰᠢᠨ ᠭᠡᠷᠡᠭᠵᠢᠬᠦᠯᠬᠦ)》᠋ ᠢ ᠰᠤᠷᠤᠯᠴᠠᠪᠠ᠃