ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠠᠷᠪᠠ ᠶᠢᠰᠤᠳᠤᠭᠡᠷ ᠬᠤᠷᠠᠯ ᠬᠤᠷᠠᠯᠳᠤᠭᠰᠠᠠ ᠨᠢ

6 ᠰᠠᠷ᠎ᠠ ᠶᠢᠨ 19᠋ ᠤ ᠡᠳᠦᠷ᠂ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠠᠷᠪᠠ ᠶᠢᠰᠤᠳᠤᠭᠡᠷ ᠬᠤᠷᠠᠯ ᠬᠤᠷᠠᠯᠳᠤᠪᠠ᠃ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠡᠷᠬᠢᠯᠡᠭᠴᠢ ᠪᠠᠶᠠᠨᠰᠠᠩ᠂ ᠳᠡᠳ᠋ ᠡᠷᠬᠢᠯᠡᠭᠴᠢ ᠪᠦ᠋ ᠮᠤᠤ ᠰᠢᠶᠠᠩ᠂ ᠦᠷᠡᠪᠠᠲᠤ᠂ ᠰᠦᠩ ᠯᠢᠶᠠᠨ ᠾᠦᠢ ᠬᠤᠷᠠᠯ ᠳᠤ ᠣᠷᠣᠯᠴᠠᠠ᠂ ᠬᠣᠰᠢᠭᠤᠨ ᠤ ᠨᠠᠮ ᠤᠨ ᠬᠣᠷᠢᠶᠠᠨ ᠤ ᠪᠠᠢᠩᠭᠤ ᠶᠢᠨ ᠭᠡᠰᠢᠭᠦᠨ᠂ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠢᠴᠠᠭᠠᠬᠤ ᠵᠦᠪᠯᠡᠯ ᠤᠨ ᠡᠷᠬᠢᠯᠡᠭᠴᠢ ᠬᠠᠨ ᠹᠸᠩ ᠡᠤ᠂ ᠬᠤᠰᠢᠭᠤᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠬᠦᠨ᠂ ᠵᠣᠬᠢᠶᠠᠨ ᠪᠠᠢᠭᠤᠯᠬᠤ ᠬᠡᠯᠲᠡᠰ ᠦᠨ ᠳᠠᠷᠤᠭ᠎ᠠ ᠵᠠᠩ ᠬᠠᠨ ᠰᠦᠩ᠂ ᠳᠡᠳ᠋ ᠬᠣᠰᠢᠭᠤᠨ ᠳᠠᠷᠤᠭ᠎ᠠ ᠦᠨᠡᠨ᠂ ᠬᠤᠰᠢᠭᠤᠨ ᠤ《 ᠬᠣᠶᠠᠷ ᠬᠣᠷᠢᠶ᠎ᠠ》᠋ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠤ ᠂ ᠪᠠᠶᠠᠨᠰᠠᠩ ᠬᠤᠷᠠᠯ ᠡᠷᠭᠢᠯᠡᠪᠡ᠃


ᠲᠤᠰ ᠤᠳᠠᠭᠠᠨ ᠤ ᠬᠤᠷᠠᠯᠳᠤᠭᠠᠨ ᠳᠤ ᠤᠷᠤᠯᠴᠠᠬᠤ ᠪᠠᠢᠩᠭᠤ ᠶᠢᠨ ᠬᠣᠷᠢᠶᠠᠨ ᠤ ᠭᠡᠰᠢᠭᠦᠨ 30 ᠬᠥᠮᠦᠨ᠂ ᠪᠣᠳᠠᠲᠠᠶ ᠤᠷᠤᠯᠴᠠᠭᠰᠠᠠ ᠨᠢ 23 ᠬᠥᠮᠦᠨ ᠪᠠᠢᠵᠤ᠂ ᠬᠠᠤᠯᠢ ᠳᠤ ᠲᠣᠭᠲᠠᠭᠠᠭᠰᠠᠨ ᠬᠥᠮᠦᠨ ᠦ ᠲᠣᠭ᠎ᠠ ᠳᠤ ᠨᠡᠢᠴᠡᠨ᠎ᠡ᠃


ᠬᠤᠷᠠᠯ ᠡᠴᠨ ᠺᠠᠳ᠋ᠷ ᠢ ᠲᠤᠰᠢᠶᠠᠯ ᠳᠤ ᠲᠣᠮᠢᠯᠠᠬᠤ ᠶᠢ ᠶᠠᠪᠤᠭᠳᠠᠭᠤᠯᠵᠤ᠂ ᠦᠨᠡᠨ ᠡᠴᠨ ᠺᠠᠳ᠋ᠷ ᠢ ᠲᠤᠰᠢᠶᠠᠯ ᠳᠤ ᠲᠣᠮᠢᠯᠠᠬᠤ ᠲᠤᠬᠠᠶ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠯᠡᠯᠭᠡ ᠶᠢ ᠤᠩᠰᠢᠨ ᠨᠡᠢᠲᠡᠯᠡᠪᠡ᠃ ᠵᠠᠩ ᠬᠠᠨ ᠰᠦᠩ ᠡᠴᠨ ᠮᠡᠷᠭᠡᠨᠪᠠᠳᠤ ᠶᠢᠨ ᠲᠣᠪᠴᠢ ᠨᠠᠮᠲᠠᠷ ᠢ ᠲᠠᠨᠢᠯᠴᠠᠭᠤᠯᠪᠠ᠃ ᠲᠤᠰᠢᠶᠠᠯ ᠳᠤ ᠲᠣᠮᠢᠯᠠᠬᠤ ᠪᠠᠷ ᠪᠠᠢᠭ᠎ᠠ ᠺᠠᠳ᠋ᠷ ᠡᠴᠨ ᠲᠤᠰᠢᠶᠠᠯ ᠬᠠᠷᠢᠭᠤᠴᠠᠬᠤ ᠶᠠᠷᠢᠶ᠎ᠠ ᠲᠠᠯᠪᠢᠵᠤ᠂ᠬᠤᠷᠠᠯ ᠲᠠᠭᠡᠷ᠎ᠠ ᠪᠢᠯᠧᠲ᠋ ᠥᠭᠴᠦ ᠰᠤᠩᠭᠤᠬᠤ ᠪᠡᠷ ᠲᠠᠮᠵᠢᠨ᠂ ᠮᠡᠷᠭᠡᠨᠪᠠᠳᠤ ᠶᠢ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠣᠰᠢᠭᠤᠨ ᠳᠠᠷᠤᠭ᠎ᠠ ᠪᠠᠷ ᠲᠤᠮᠢᠯᠠᠪᠠ᠃ ᠪᠠᠶᠠᠨᠰᠠᠩ ᠰᠢᠨ᠎ᠡ ᠲᠤᠰᠢᠶᠠᠯ ᠳᠤ ᠲᠣᠮᠢᠯᠠᠭᠳᠠᠭᠰᠠᠳ ᠲᠤ ᠲᠤᠮᠢᠯᠠᠯ ᠤᠨ ᠦᠨᠡᠮᠯᠡᠯ ᠣᠯᠭᠣᠵᠤ᠂ ᠰᠢᠨ᠎ᠡ ᠲᠤᠰᠢᠶᠠᠯ ᠳᠤ ᠲᠤᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠪᠠ᠃

ᠪᠠᠶᠠᠨᠰᠠᠩ ᠡᠷᠬᠢᠯᠡᠭᠴᠢ ᠭᠡᠯᠡᠭᠰᠨᠨ ᠨᠢ ᠂ ᠰᠢᠨ᠎ᠡ ᠲᠤᠰᠢᠶᠠᠯ ᠳᠤ ᠲᠤᠮᠢᠯᠠᠭᠳᠠᠭᠰᠠᠳ ᠰᠤᠷᠤᠯᠴᠠᠯᠭ᠎ᠠ ᠪᠠᠨ ᠴᠢᠩᠭᠠᠳᠬᠠᠨ᠂ ᠦᠪᠡᠷ ᠤᠨ ᠠᠵᠢᠯ ᠤᠨ ᠲᠤᠷᠰᠢᠯᠭ᠎ᠠ ᠪᠠᠨ ᠨᠡᠩ ᠪᠠᠶᠠᠯᠢᠭᠵᠢᠭᠤᠯᠵᠤ᠂ ᠰᠢᠨ᠎ᠡ ᠤᠷᠴᠢᠨ ᠲᠤᠭᠤᠷᠢᠨ᠂ ᠰᠢᠨ᠎ᠡ ᠡᠬᠦᠷᠭᠡ᠂ ᠰᠢᠨ᠎ᠡ ᠱᠠᠭᠠᠷᠳᠠᠯᠭ᠎ᠠ ᠳᠤ ᠲᠦᠷᠭᠡᠨ ᠵᠤᠬᠢᠴᠠᠯᠳᠤᠬᠤ ᠭᠡᠷᠡᠭᠳᠡᠢ᠃ ᠲᠤᠰ ᠪᠠᠶ᠎ᠠ ᠶᠢᠨ ᠶᠢᠠᠨ ᠲᠠᠪᠠᠭᠤᠯᠢᠭ ᠶᠢᠠᠨ ᠪᠠᠳᠠᠷᠠᠭᠤᠯᠵᠤ᠂ ᠦᠨᠡᠨ ᠢ ᠪᠠᠷᠢᠮᠳᠠᠯᠠᠵᠤ ᠪᠤᠳᠠᠳᠠᠢ ᠶᠢ ᠡᠷᠬᠢᠮᠯᠡᠬᠦ ᠶᠢ ᠪᠠᠷᠢᠮᠳᠠᠯᠠᠨ᠂ ᠴᠠᠭ ᠢᠮᠠᠭᠳᠠ ᠠᠷᠠᠳ ᠲᠦᠮᠨᠨ ᠶᠢᠠᠷ ᠭᠤᠤᠯ ᠪᠤᠯᠭᠠᠨ᠂ ᠶᠡᠭᠡ ᠲᠠᠯ᠎ᠠ ᠶᠢ ᠴᠢᠬᠤᠯᠠᠴᠢᠯᠠᠬᠤ ᠭᠡᠷᠡᠭᠳᠡᠢ᠃ ᠨᠠᠷᠢᠨ ᠬᠢᠨᠠᠮᠠᠭᠠᠢ ᠰᠢᠨᠵᠢᠯᠡᠬᠦ ᠤᠬᠠᠭᠠᠨᠴᠢ ᠤᠪᠤᠷ ᠶᠢᠠᠷ ᠬᠤᠪᠢᠳᠠᠨ ᠬᠠᠮᠢᠶᠠᠷᠴᠤ ᠪᠦᠬᠦᠢ ᠠᠵᠢᠯ ᠶᠢᠠᠨ ᠯᠠᠪᠳᠠᠭᠤᠨ ᠪᠠᠳᠤᠳᠠᠢ ᠰᠠᠢᠳᠤᠷ ᠠᠳᠬᠤᠬᠤ ᠭᠡᠷᠡᠭᠳᠡᠢ᠃ ᠠᠷᠢᠭᠤᠨ ᠴᠢᠬᠡᠴᠢ ᠪᠡᠷ ᠪᠠᠶ᠎ᠠ ᠪᠠᠨ ᠪᠠᠷᠢᠬᠤ ᠶᠢ ᠵᠠᠰᠠᠭ ᠤᠨ ᠠᠵᠢᠯ ᠬᠢᠬᠦ ᠶᠢᠨ ᠬᠢᠵᠠᠭᠠᠷ ᠱᠤᠭᠤᠮ ᠪᠤᠯᠭᠠᠵᠤ᠂ ᠲᠤᠰ ᠪᠡᠶ᠎ᠠ ᠶᠢᠨ ᠶᠢᠠᠨ ᠪᠤᠯᠪᠠᠰᠤᠷᠠᠯ ᠶᠢᠠᠨ ᠲᠠᠰᠤᠷᠠᠯᠳᠠ ᠦᠭᠡᠢ ᠲᠠᠭᠡᠭᠰᠢᠯᠡᠬᠦᠯᠤᠨ᠂ ᠬᠤᠪᠢ ᠬᠦᠮᠤᠨ ᠤ ᠲᠦᠷᠢ ᠲᠦᠷᠬᠦ ᠪᠠᠨ ᠰᠠᠢᠳᠤᠷ ᠪᠤᠢ ᠪᠤᠯᠭᠠᠬᠤ ᠭᠡᠷᠡᠭᠳᠡᠢ ᠭᠡᠵᠡᠢ᠃
ᠪᠠᠶᠠᠨᠰᠠᠩ ᠡᠷᠬᠢᠯᠡᠭᠴᠢ ᠵᠢᠭᠠᠵᠤ ᠭᠠᠷᠭᠠᠭᠰᠨᠨ ᠨᠢ᠂ ᠲᠤᠰᠢᠶᠠᠯ ᠡᠬᠦᠷᠭᠡᠯᠡᠨ ᠪᠤᠯᠪᠠᠰᠤᠷᠠᠬᠤ ᠨᠢ ᠬᠤᠪᠢ ᠬᠦᠮᠤᠨ ᠳᠤ ᠰᠤᠷᠤᠯᠴᠠᠵᠤ ᠪᠤᠯᠪᠠᠰᠤᠷᠠᠬᠤ ᠠᠵᠨ ᠲᠤᠬᠢᠶᠠᠯ ᠬᠠᠩᠭᠠᠭᠰᠨᠨ ᠶᠢᠠᠷ ᠪᠠᠷᠠᠬᠤ ᠦᠭᠡᠢ᠂ ᠨᠡᠩ ᠴᠢᠬᠤᠯᠨ ᠨᠢ ᠮᠠᠨ ᠤ ᠬᠤᠰᠢᠭᠤᠨ ᠳᠤ ᠦᠪᠤᠷ ᠮᠤᠩᠭᠤᠯ ᠤᠨ ᠦᠨᠳᠤᠰᠤᠳᠠᠨ ᠤ ᠶᠡᠭᠡ ᠰᠤᠷᠭᠠᠭᠤᠯᠢ ᠶᠢᠨ ᠬᠠᠮᠳᠤᠷᠠᠯᠴᠠᠭ᠎ᠠ ᠰᠤᠯᠢᠯᠴᠠᠭ᠎ᠠ ᠶᠢ ᠪᠦᠳᠤᠮᠵᠢᠳᠠᠢ ᠠᠬᠢᠭᠤᠯᠬᠤ ᠰᠢᠨ᠎ᠡ ᠲᠠᠪᠴᠠᠩ ᠢ ᠪᠠᠢᠭᠤᠯᠵᠤ ᠦᠭᠬᠦᠭᠰᠨᠨ ᠪᠠᠢᠨ᠎ᠡ᠃《 ᠰᠤᠷᠭᠠᠭᠤᠯᠢ ᠪᠠ ᠭᠠᠵᠠᠷ ᠤᠷᠤᠨ》᠋ ᠤ ᠬᠠᠮᠳᠤᠷᠠᠯᠴᠠᠭ᠎ᠠ ᠶᠢᠨ ᠬᠦᠬᠦᠷᠭᠡ ᠬᠤᠯᠪᠤᠭᠠᠰᠤ ᠶᠢᠨ ᠤᠢᠯᠡᠳᠤᠯ ᠢ ᠰᠠᠢᠳᠤᠷ ᠪᠠᠳᠠᠷᠠᠭᠤᠯᠬᠤ ᠭᠡᠷᠡᠭᠳᠡᠢ᠃ ᠡᠬᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠰᠠᠢᠳᠤᠷ ᠬᠦᠢᠴᠡᠳᠭᠡᠵᠤ᠂ ᠲᠠᠪᠠᠭᠤᠯᠢᠭ ᠶᠢᠠᠨ ᠬᠠᠷᠢᠯᠴᠠᠨ ᠨᠦᠬᠦᠪᠤᠷᠢᠯᠡᠨ᠂ ᠬᠠᠷᠢᠯᠴᠠᠨ ᠠᠬᠢᠭᠤᠯᠵᠤ᠂ ᠬᠠᠷᠢᠯᠴᠠᠨ ᠠᠰᠢᠭ ᠤᠯᠭᠤᠵᠤ ᠬᠠᠮᠳᠤᠪᠠᠷ ᠠᠰᠢᠭ ᠬᠦᠷᠳᠡᠬᠦ ᠵᠠᠷᠴᠢᠮ ᠶᠢᠠᠷ《 ᠰᠤᠷᠭᠠᠭᠤᠯᠢ ᠪᠠ ᠭᠠᠵᠠᠷ ᠤᠷᠤᠨ》᠋ ᠤ ᠬᠠᠮᠳᠤᠷᠠᠯᠴᠠᠭ᠎ᠠ ᠶᠢ ᠨᠡᠩ ᠨᠢᠭᠳᠠ᠂ ᠨᠡᠩ ᠪᠦᠳᠤᠮᠵᠢᠳᠠᠢ ᠪᠤᠯᠭᠠᠬᠤ ᠭᠡᠷᠡᠭᠳᠡᠢ᠃《 ᠰᠤᠷᠭᠠᠭᠤᠯᠢ ᠪᠡ ᠭᠠᠵᠠᠷ ᠤᠷᠤᠨ》᠋ ᠤ ᠬᠠᠮᠳᠤᠷᠠᠯᠴᠠᠭ᠎ᠠ ᠶᠢᠨ ᠰᠢᠨ᠎ᠡ ᠡᠬᠢᠯᠡᠯᠳᠠ ᠶᠢ ᠨᠡᠭᠡᠭᠡᠵᠤ᠂ ᠤᠷᠤᠨ ᠨᠤᠳᠤᠭ ᠤᠨ ᠶᠡᠭᠡ ᠲᠠᠭᠡᠳᠤ ᠰᠤᠷᠭᠠᠭᠤᠯᠢ ᠶᠢᠨ ᠭᠦᠭᠵᠢᠯᠳᠠ ᠶᠢ ᠲᠠᠮᠵᠢᠬᠦ᠂ ᠶᠡᠭᠡ ᠲᠠᠭᠡᠳᠤ ᠰᠤᠷᠭᠠᠭᠤᠯᠢ ᠶᠢᠨ ᠤᠷᠤᠨ ᠨᠤᠳᠤᠭ ᠤᠨ ᠪᠦᠳᠤᠭᠡᠨ ᠪᠠᠢᠭᠤᠯᠤᠯᠳᠠ ᠶᠢ ᠠᠬᠢᠭᠤᠯᠬᠤ ᠭᠡᠪ ᠲᠠᠭᠤᠷᠢᠶᠠᠯ ᠢ ᠪᠤᠢ ᠪᠤᠯᠭᠠᠨ᠂ ᠵᠠᠷᠤᠤᠨ ᠬᠤᠰᠢᠭᠤᠨ ᠤ ᠠᠵᠤ ᠠᠬᠤᠢ ᠨᠡᠢᠭᠡᠮ ᠤᠨ ᠴᠢᠨᠠᠷ ᠰᠠᠢᠳᠠᠢ ᠬᠦᠭᠵᠢᠯᠳᠠ ᠳᠤ ᠬᠤᠪᠢ ᠨᠡᠮᠡᠷᠢ ᠪᠠᠨ ᠦᠵᠡᠬᠦᠯᠬᠦ ᠭᠡᠷᠡᠭᠳᠡᠢ ᠭᠡᠵᠡᠢ᠃