ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠰᠡᠷᠡᠮᠵᠢᠯᠡᠬᠦᠯᠬᠦ ᠬᠦᠮᠤᠵᠢᠯ ᠤᠨ ᠬᠤᠷᠠᠯ ᠬᠤᠷᠠᠯᠳᠤᠭᠤᠯᠤᠭᠰᠨᠨ ᠨᠢ


     


      

      6 ᠰᠠᠷ᠎ᠠ ᠶᠢᠨ19᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠰᠡᠷᠡᠮᠵᠢᠯᠡᠬᠦᠯᠬᠦ ᠬᠦᠮᠤᠵᠢᠯ ᠤᠨ ᠬᠤᠷᠠᠯ ᠬᠤᠷᠠᠯᠳᠤᠭᠤᠯᠪᠠ᠃ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠨ᠂ ᠪᠦᠬᠦ ᠺᠠᠳ᠋ᠷ ᠠᠵᠢᠯᠳᠠᠨ ᠬᠤᠷᠠᠯ ᠳᠤ ᠤᠷᠤᠯᠴᠠᠪᠠ᠃

      


      
          ᠬᠤᠷᠠᠯ ᠲᠠᠭᠡᠷ᠎ᠠ᠂ ᠡᠩ ᠲᠠᠷᠢᠬᠦᠨ ᠳᠤ ᠬᠤᠰᠢᠭᠤᠨ ᠤ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠶᠢᠨ《ᠶᠠᠳᠠᠭᠤ ᠶᠢ ᠲᠠᠳᠬᠦᠬᠦ ᠬᠦᠷᠢᠶᠠᠨ ᠳᠡᠬᠢ ᠢᠯᠵᠠᠷᠠᠯ ᠪᠠ ᠰᠤᠷᠳᠠᠯ ᠤᠨ ᠠᠰᠠᠭᠤᠳᠠᠯ ᠤᠨ 2 ᠨᠡᠢᠳᠡᠯᠢᠭ ᠭᠡᠷᠡᠭ ᠤᠨ ᠵᠢᠱᠢᠶ᠎ᠠ ᠶᠢᠨ ᠲᠤᠬᠠᠢ ᠮᠡᠳᠡᠭᠳᠡᠯ》᠋ ᠤᠨ ᠪᠢᠴᠢᠭ᠌ ᠮᠠᠲ᠋ᠸᠷᠢᠶᠠᠯ ᠢ ᠤᠯᠠᠮᠵᠢᠯᠠᠭᠰᠨᠨ ᠤ ᠲᠠᠷᠠᠭ᠎ᠠ᠂ ᠰᠡᠷᠡᠮᠵᠢᠯᠡᠬᠦᠯᠬᠦ ᠬᠦᠮᠤᠵᠢᠯ ᠤᠨ ᠺᠢᠨᠤ᠋《ᠠᠷᠢᠭᠤᠨ ᠴᠢᠬᠢᠴᠢ ᠪᠡᠷ ᠵᠠᠰᠠᠭ ᠪᠠᠷᠢᠬᠤ ᠪᠠᠴᠢᠯ ᠺᠢᠨᠤ᠋》᠋ ᠶᠢᠨ ᠲᠠᠪᠤᠳᠤᠭᠠᠷ ᠡᠮᠬᠢᠳᠭᠡᠯ ᠤᠨ ᠭᠡᠷ ᠤᠨ ᠰᠤᠷᠳᠠᠯ ᠲᠦᠷᠤᠯ ᠰᠠᠳᠤᠨ ᠤ ᠬᠠᠢᠷ᠎ᠠ ᠶᠢᠨ ᠲᠤᠰᠬᠠᠢ ᠰᠡᠳᠤᠪᠳᠤ ᠪᠠᠴᠢᠯ ᠺᠢᠨᠤ᠋ ᠶᠢ ᠦᠵᠡᠪᠡ᠃

      
           ᠬᠤᠷᠠᠯ ᠡᠴᠨ ᠴᠢᠬᠤᠯᠠᠴᠢᠯᠠᠭᠰᠨᠨ ᠨᠢ᠂ ᠨᠢᠭᠡ ᠳᠤ᠂ ᠡᠷᠭᠡᠪᠰᠢ ᠵᠦᠪ ᠲᠠᠯ᠎ᠠ ᠶᠢᠨ ᠨᠡᠢᠳᠡᠯᠢᠭ᠌ ᠵᠢᠱᠢᠶ᠎ᠠ ᠪᠠ ᠦᠯᠢᠭᠡᠷ ᠲᠠᠭᠤᠷᠢᠶᠠᠯ ᠡᠴᠨ ᠰᠤᠷᠤᠯᠴᠠᠬᠤ ᠭᠡᠷᠡᠭᠳᠡᠢ᠃ ᠬᠤᠶᠠᠷ ᠲᠤ᠂ ᠺᠢᠨᠤ᠋ ᠳᠡᠬᠢ ᠪᠤᠷᠤᠭᠤ ᠲᠠᠯ᠎ᠠ ᠶᠢᠨ ᠨᠡᠢᠳᠡᠯᠢᠭ᠌ ᠵᠢᠱᠢᠶ᠎ᠠ ᠡᠴᠨ ᠬᠦᠨᠵᠡᠭᠡᠢ ᠰᠤᠷᠭᠠᠮᠵᠢ ᠠᠪᠴᠤ᠂ ᠡᠷᠡᠰ ᠭᠤᠢᠪᠢᠰᠢ ᠦᠭᠡᠢ ᠪᠡᠷ ᠤᠯᠤᠰ ᠲᠦᠷᠤ ᠶᠢᠨ ᠰᠠᠬᠢᠯᠭ᠎ᠠ ᠪᠠᠳᠤ ᠶᠢ ᠲᠠᠷᠢᠬᠦᠨ ᠳᠤ ᠲᠠᠯᠪᠢᠵᠤ᠂ ᠰᠡᠷᠡᠮᠵᠢ ᠶᠢᠨ ᠬᠤᠩᠬ᠎ᠠ ᠶᠢ ᠪᠠᠢᠩᠭᠤ ᠲᠤᠤᠭᠠᠷᠭᠠᠨ᠂ ᠬᠤᠷᠢᠭ᠎ᠠ ᠱᠤᠭᠤᠮ ᠢ ᠰᠠᠢᠳᠤᠷ ᠰᠠᠬᠢᠬᠤ ᠭᠡᠷᠡᠭᠳᠡᠢ᠃ ᠭᠤᠷᠪᠠ ᠳᠤ᠂ ᠲᠤᠭ ᠲᠠᠮᠳᠡᠭ᠌ ᠲᠤᠳᠤᠷᠬᠠᠢ ᠪᠡᠷ ᠤᠯᠤᠰ ᠲᠦᠷᠤ ᠶᠢ ᠡᠷᠬᠢᠮᠯᠡᠬᠦ ᠭᠡᠷᠡᠭᠳᠡᠢ᠃ ᠲᠦᠷᠪᠡ ᠳᠤ᠂ ᠨᠠᠮ ᠤᠨ ᠭᠡᠰᠢᠬᠦᠨ ᠺᠠᠳ᠋ᠷ ᠠᠵᠢᠯᠳᠠᠨ ᠦᠵᠡᠯ ᠰᠠᠨᠠᠭ᠎ᠠ ᠶᠤᠰᠤ ᠮᠤᠷᠠᠯ ᠶᠢᠠᠨ ᠲᠠᠰᠤᠷᠠᠯᠳᠠ ᠦᠭᠡᠢ ᠲᠠᠭᠡᠭᠰᠢᠯᠡᠬᠦᠯᠵᠤ᠂ ᠲᠦᠷᠢᠮ ᠲᠤᠭᠳᠠᠭᠠᠯ ᠢ ᠵᠢᠷᠤᠮᠯᠠᠨ᠂ ᠰᠠᠬᠢᠯᠭ᠎ᠠ ᠪᠠᠳᠤ ᠶᠢ ᠰᠠᠬᠢᠬᠤ ᠪᠠ ᠦᠨᠡᠨᠴᠢ ᠢᠳᠡᠭᠡᠮᠵᠢᠳᠠᠢ ᠪᠠᠢᠬᠤ ᠡᠷᠬᠢᠮ ᠰᠤᠷᠳᠠᠯ ᠢ ᠪᠠᠳᠠᠷᠠᠭᠤᠯᠵᠤ᠂ ᠠᠷᠢᠭᠤᠨ ᠴᠢᠬᠢᠴᠢ ᠪᠡᠷ ᠠᠵᠢᠯ ᠶᠢᠠᠨ ᠬᠢᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠺᠠᠳ᠋ᠷ ᠤᠨ ᠰᠢᠨ᠎ᠡ ᠴᠤᠭ ᠵᠢᠪᠬᠤᠭ᠎ᠠ ᠪᠠ ᠪᠠᠢᠭᠤᠯᠭ᠎ᠠ ᠶᠢᠨ ᠰᠢᠨ᠎ᠡ ᠲᠦᠷᠢ ᠲᠦᠷᠬᠦ ᠶᠢ ᠲᠠᠰᠤᠷᠠᠯᠳᠠ ᠦᠭᠡᠢ ᠪᠤᠢ ᠪᠤᠯᠭᠠᠬᠤ ᠭᠡᠷᠡᠭᠳᠡᠢ ᠭᠡᠵᠡᠢ᠃


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠬᠤᠷᠠᠯ ᠬᠤᠷᠠᠯᠳᠤᠭᠤᠯᠤᠨ ᠪᠦᠬᠦ ᠬᠤᠰᠢᠭᠤᠨ ᠤ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ《ᠬᠠᠮᠤᠭ ᠤᠨ ᠬᠦᠴᠦᠷᠭᠡᠭ ᠨᠠᠮ ᠤᠨ ᠡᠬᠦᠷ》᠋ ᠢ ᠴᠢᠷᠮᠠᠢᠨ ᠴᠤᠭᠴᠠᠯᠠᠵᠤ ᠪᠠᠢᠨ᠎ᠡ