ᠤᠳᠤ ᠶᠢᠨ ᠪᠠᠢ᠌ᠷᠢ᠄ ᠴᠢᠬᠤᠯᠠ ᠮᠡᠳᠡᠭᠡ → ᠦᠪᠡᠷᠳᠡᠭᠡᠨ ᠵᠠᠰᠠᠬᠤ ᠤᠷᠤᠨ ᠤ ᠠᠷᠠᠳ ᠤᠨ᠁
ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠲᠤᠸᠠᠨ ᠶᠢᠩ ᠨᠠᠷ ᠵᠠᠷᠤᠤᠨ ᠬᠤᠰᠢᠭᠤᠨ ᠳᠤ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠯᠳᠠ ᠶᠢᠨ ᠠᠵᠢᠯ ᠦᠷᠨᠢᠬᠦᠯᠪᠡ


        


        

        6 ᠰᠠᠷ᠎ᠠ ᠶᠢᠨ 23᠋ ᠤ ᠡᠳᠤᠷ ᠡᠴᠨ 24᠋ ᠤ ᠡᠳᠤᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠲᠤᠸᠠᠨ ᠶᠢᠩ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠬᠤ ᠲᠤᠭᠤᠢᠯᠠᠩ ᠶᠢᠠᠨ ᠲᠠᠭᠠᠭᠤᠯᠤᠨ ᠵᠠᠷᠤᠤᠨ ᠬᠤᠰᠢᠭᠤᠨ ᠳᠤ ᠢᠷᠡᠵᠤ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠭᠡᠭᠡᠷ᠎ᠠ ᠶᠢᠨ ᠠᠮᠢᠳᠠᠨ ᠢ ᠬᠠᠮᠠᠭᠠᠯᠠᠬᠤ ᠬᠠᠤᠯᠢ》《ᠬᠠᠤᠯᠢ ᠪᠤᠰᠤ ᠪᠡᠷ ᠭᠡᠭᠡᠷ᠎ᠠ ᠶᠢᠨ ᠠᠮᠢᠳᠠᠨ ᠢ ᠠᠷᠠᠯᠵᠢᠶᠠᠯᠠᠬᠤ ᠶᠢ ᠪᠦᠬᠦ ᠲᠠᠯ᠎ᠠ ᠪᠡᠷ ᠴᠠᠭᠠᠵᠠᠯᠠᠬᠤ᠂ ᠭᠡᠭᠡᠷ᠎ᠠ ᠶᠢᠨ ᠠᠮᠢᠳᠠᠨ ᠢ ᠲᠤᠷ᠎ᠠ ᠪᠡᠷ ᠢᠳᠡᠬᠦ ᠮᠠᠭᠤ ᠲᠠᠳᠬᠠᠯ ᠢ ᠠᠷᠢᠯᠭᠠᠬᠤ᠂ ᠠᠷᠠᠳ ᠤᠯᠠᠨ ᠤ ᠠᠮᠢ ᠨᠠᠰᠤ ᠡᠷᠡᠬᠦᠯ ᠮᠡᠨᠳᠤ ᠠᠮᠤᠷ ᠲᠦᠪᠰᠢᠨ ᠢ ᠦᠨᠡᠨᠬᠦ ᠪᠠᠳᠤᠯᠠᠬᠤ ᠲᠤᠬᠠᠢ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠤᠭᠳᠠᠭᠠᠯ》᠋ ᠪᠠ《ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ〈ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠭᠡᠭᠡᠷ᠎ᠠ ᠶᠢᠨ ᠠᠮᠢᠳᠠᠨ ᠢ ᠬᠠᠮᠠᠭᠠᠯᠠᠬᠤ ᠬᠠᠤᠯᠢ〉᠋ ᠶᠢ ᠭᠡᠷᠡᠭᠵᠢᠬᠦᠯᠬᠦ ᠠᠷᠭ᠎ᠠ》᠋ ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠨᠨ ᠪᠠᠢᠳᠠᠯ ᠳᠤ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠯᠳᠠ ᠦᠷᠨᠢᠬᠦᠯᠪᠡ᠃ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠯᠢᠶᠠᠩ ᡁᠢ ᠶᠤᠸᠠᠨ᠂ ᠲᠠᠳ᠋ ᠡᠷᠬᠢᠯᠡᠭᠴᠢ ᠬᠦᠸᠸ ᠵᠢᠶᠠᠨ ᠸᠸᠢ᠂ ᠬᠤᠰᠢᠭᠤᠨ ᠤ ᠤᠳᠤᠷᠢᠳᠤᠯᠭ᠎ᠠ ᠪᠠᠢ ᠯᠢ ᠵᠤ᠂ ᠡᠷᠳᠡᠨᠢᠬᠦᠤ᠂ ᠪᠠᠶᠠᠨᠰᠠᠩ᠂ ᠪᠤᠤ ᠵᠢᠶᠠᠩ ᠱᠠᠨ ᠵᠢᠴᠢ ᠬᠠᠮᠢᠶ᠎ᠠ ᠪᠦᠬᠦᠢ ᠰᠠᠯᠠᠭ᠎ᠠ  ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠪᠠ᠃

        
            ᠡᠤ ᠲᠤᠸᠠᠨ ᠶᠢᠩ ᠨᠠᠷ ᠤᠷᠢᠳ ᠬᠤᠵᠢᠳ ᠵᠠᠷᠤᠤᠨ ᠬᠤᠰᠢᠭᠤᠨ ᠤ ᠯᠦᠪᠸᠢ ᠪᠠᠯᠭᠠᠰᠤᠨ ᠤ ᠶᠢᠤ ᠡᠾᠸ ᠲᠠᠵᠢᠭᠡᠨ ᠦᠷᠡᠵᠢᠬᠦᠯᠬᠦ ᠬᠤᠷᠰᠢᠶᠠᠵᠢᠯ ᠪᠠ ᠦᠪᠤᠷ ᠮᠤᠩᠭᠤᠯ ᠤᠨ ᠬᠠᠨ ᠠᠭᠤᠯᠨ ᠤᠯᠤᠰ ᠤᠨ ᠲᠠᠰ ᠤᠨ ᠪᠠᠢᠭᠠᠯᠢ ᠶᠢᠨ ᠬᠠᠮᠠᠭᠠᠯᠠᠯᠳᠠ ᠶᠢᠨ ᠤᠷᠤᠨ ᠳᠤ ᠬᠦᠷᠴᠤ᠂ ᠲᠠᠨᠢᠯᠴᠠᠭᠤᠯᠭ᠎ᠠ ᠶᠢ ᠰᠤᠨᠤᠰᠬᠤ᠂ ᠪᠤᠳᠠᠳᠠᠢ ᠭᠠᠵᠠᠷ ᠲᠤ ᠪᠠᠢᠴᠠᠭᠠᠨ ᠦᠵᠡᠬᠦ ᠵᠡᠷᠭᠡ ᠭᠡᠯᠪᠡᠷᠢ ᠪᠡᠷ ᠲᠠᠮᠵᠢᠨ᠂〈 ᠨᠢᠭᠡ ᠬᠠᠤᠯᠢ ᠨᠢᠭᠡ ᠲᠤᠭᠳᠠᠭᠠᠯ ᠨᠢᠭᠡ ᠠᠷᠭ᠎ᠠ〉᠋᠋ ᠶᠢ ᠤᠬᠠᠭᠤᠯᠤᠨ ᠲᠦᠭᠡᠮᠡᠯᠵᠢᠬᠦᠯᠬᠦ ᠪᠠ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠨᠨ ᠪᠠᠢᠳᠠᠯ᠂ ᠬᠠᠤᠯᠢ ᠪᠤᠰᠤ ᠪᠡᠷ ᠬᠠᠭᠤᠷᠠᠢ ᠳᠡᠬᠢ ᠭᠡᠭᠡᠷ᠎ᠠ ᠶᠢᠨ ᠠᠮᠢᠳᠠᠨ ᠢ ᠢᠳᠡᠬᠦ ᠶᠢ ᠪᠦᠬᠦ ᠲᠠᠯ᠎ᠠ ᠪᠡᠷ ᠴᠠᠭᠠᠵᠠᠯᠠᠬᠤ ᠪᠠ ᠵᠠᠯᠬᠠᠭᠠᠨ ᠰᠢᠳᠭᠡᠬᠦ᠂ ᠬᠠᠤᠯᠢ ᠪᠤᠰᠤ ᠪᠡᠷ ᠭᠡᠭᠡᠷ᠎ᠠ ᠶᠢᠨ ᠠᠮᠢᠳᠠᠨ ᠢ ᠠᠪᠠᠯᠠᠬᠤ᠂ ᠠᠷᠠᠯᠵᠢᠶᠠᠯᠠᠬᠤ᠂ ᠵᠦᠭᠡᠭᠡᠪᠤᠷᠢᠯᠡᠬᠦ ᠪᠠᠢᠳᠠᠯ ᠳᠤ ᠬᠠᠤᠯᠢ ᠶᠤᠰᠤᠭᠠᠷ ᠴᠤᠬᠢᠯᠳᠠ ᠦᠭᠬᠦ᠂ ᠬᠦᠮᠤᠨ ᠤ ᠬᠦᠴᠤ ᠪᠡᠷ ᠭᠡᠭᠡᠷ᠎ᠠ ᠶᠢᠨ ᠠᠮᠢᠳᠠᠨ ᠢ ᠲᠠᠵᠢᠭᠡᠨ ᠦᠷᠡᠵᠢᠬᠦᠯᠵᠤ ᠪᠠᠢᠭ᠎ᠠ ᠪᠠᠢᠳᠠᠯ᠂ ᠭᠡᠭᠡᠷ᠎ᠠ ᠶᠢᠨ ᠠᠮᠢᠳᠠᠨ ᠵᠢᠴᠢ ᠲᠠᠬᠦᠨ ᠤ ᠤᠷᠤᠰᠢᠨ ᠠᠮᠢᠳᠤᠷᠠᠬᠤ ᠭᠠᠵᠠᠷ ᠢ ᠬᠠᠮᠠᠭᠠᠯᠠᠨ ᠬᠠᠮᠢᠶᠠᠷᠴᠤ ᠪᠠᠢᠭ᠎ᠠ ᠪᠠᠢᠳᠠᠯ ᠵᠡᠷᠭᠡ ᠲᠠᠯ᠎ᠠ ᠳᠤ ᠭᠤᠤᠯᠳᠠᠯᠭ᠎ᠠ ᠲᠠᠢ ᠪᠠᠢᠴᠠᠭᠠᠯᠳᠠ ᠦᠷᠨᠢᠬᠦᠯᠪᠡ᠃

        
             ᠬᠠᠤᠯᠢ ᠭᠡᠷᠡᠭᠵᠢᠬᠦᠯᠦᠯᠳᠠ ᠶᠢᠨ ᠪᠠᠢᠴᠠᠭᠠᠬᠤ ᠲᠤᠭᠤᠢᠯᠠᠩ ᠡᠴᠨ ᠵᠠᠷᠤᠤᠨ ᠬᠤᠰᠢᠭᠤᠨ ᠤ《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠭᠡᠭᠡᠷ᠎ᠠ ᠶᠢᠨ ᠠᠮᠢᠳᠠᠨ ᠢ ᠬᠠᠮᠠᠭᠠᠯᠠᠬᠤ ᠬᠠᠤᠯᠢ》《 ᠬᠠᠤᠯᠢ ᠪᠤᠰᠤ ᠪᠡᠷ ᠭᠡᠭᠡᠷ᠎ᠠ ᠶᠢᠨ ᠠᠮᠢᠳᠠᠨ ᠢ ᠠᠷᠠᠯᠵᠢᠶᠠᠯᠠᠬᠤ ᠶᠢ ᠪᠦᠬᠦ ᠲᠠᠯ᠎ᠠ ᠪᠡᠷ ᠴᠠᠭᠠᠵᠠᠯᠠᠬᠤ᠂ ᠭᠡᠭᠡᠷ᠎ᠠ ᠶᠢᠨ ᠠᠮᠢᠳᠠᠨ ᠢ ᠲᠤᠷ᠎ᠠ ᠪᠡᠷ ᠢᠳᠡᠬᠦ ᠮᠠᠭᠤ ᠲᠠᠳᠬᠠᠯ ᠢ ᠠᠷᠢᠯᠭᠠᠬᠤ᠂ ᠠᠷᠠᠳ ᠤᠯᠠᠨ ᠤ ᠠᠮᠢ ᠨᠠᠰᠤ ᠡᠷᠡᠬᠦᠯ ᠮᠡᠨᠳᠤ ᠠᠮᠤᠷ ᠲᠦᠪᠰᠢᠨ ᠢ ᠦᠨᠡᠨᠬᠦ ᠪᠠᠳᠤᠯᠠᠬᠤ ᠲᠤᠬᠠᠢ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠤᠭᠳᠠᠭᠠᠯ》᠋ ᠪᠠ《 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ〈 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠭᠡᠭᠡᠷ᠎ᠠ ᠶᠢᠨ ᠠᠮᠢᠳᠠᠨ ᠢ ᠬᠠᠮᠠᠭᠠᠯᠠᠬᠤ ᠬᠠᠤᠯᠢ〉᠋ ᠶᠢ ᠭᠡᠷᠡᠭᠵᠢᠬᠦᠯᠬᠦ ᠠᠷᠭ᠎ᠠ》᠋ ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠨᠨ ᠪᠠᠢᠳᠠᠯ ᠳᠤ ᠬᠦᠢᠴᠡᠳ ᠦᠨᠡᠯᠡᠯᠳᠠ ᠦᠭᠪᠡ᠃

        
            ᠬᠠᠤᠯᠢ ᠭᠡᠷᠡᠭᠵᠢᠬᠦᠯᠦᠯᠳᠠ ᠶᠢᠨ ᠪᠠᠢᠴᠠᠭᠠᠬᠤ ᠲᠤᠭᠤᠢᠯᠠᠩ ᠡᠴᠨ ᠱᠠᠭᠠᠷᠳᠠᠭᠰᠨᠨ ᠨᠢ᠂ ᠦᠵᠡᠯ ᠰᠠᠨᠠᠭ᠎ᠠ ᠪᠠᠨ ᠨᠢᠭᠡᠳᠭᠡᠨ᠂ ᠲᠠᠨᠢᠯᠳᠠ ᠪᠠᠨ ᠲᠠᠭᠡᠭᠰᠢᠯᠡᠬᠦᠯᠵᠤ᠂ ᠠᠵᠢᠯ ᠤᠨ ᠠᠷᠭ᠎ᠠ ᠠᠪᠴᠠᠯ ᠶᠢᠠᠨ ᠴᠢᠩᠭᠠᠷᠠᠭᠤᠯᠤᠨ᠂ ᠴᠢᠩᠭ᠎ᠠ ᠬᠠᠷᠢᠭᠤᠴᠠᠯᠭᠠᠳᠤ ᠰᠡᠳᠬᠢᠯᠭᠡ ᠪᠠ ᠤᠯᠨᠨ ᠲᠦᠮᠨᠨ ᠳᠤ ᠲᠠᠭᠡᠳᠤ ᠭᠡᠮᠵᠢᠶ᠎ᠠ ᠪᠠᠷ ᠬᠠᠷᠢᠭᠤᠴᠠᠬᠤ ᠤᠪᠤᠷ ᠶᠢᠠᠷ᠂〈 ᠨᠢᠭᠡ ᠬᠠᠤᠯᠢ ᠨᠢᠭᠡ ᠲᠤᠭᠳᠠᠭᠠᠯ ᠨᠢᠭᠡ ᠠᠷᠭ᠎ᠠ〉᠋᠋ ᠶᠢ ᠪᠤᠳᠠᠳᠠᠢ ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶᠢ ᠪᠦᠬᠦ ᠬᠦᠴᠤᠨ ᠶᠢᠠᠷ ᠲᠦᠯᠬᠢᠨ ᠠᠬᠢᠭᠤᠯᠵᠤ᠂ ᠬᠠᠮᠳᠤᠷᠠᠨ ᠬᠠᠤᠯᠢ ᠭᠡᠷᠡᠭᠵᠢᠬᠦᠯᠬᠦ ᠲᠦᠷᠢᠮᠵᠢᠯ ᠢ ᠲᠠᠬᠦᠯᠳᠡᠷᠵᠢᠬᠦᠯᠤᠨ᠂ ᠲᠠᠷᠢᠶᠠᠯᠠᠩ ᠠᠷᠠᠯᠵᠢᠶᠠᠨ ᠤ ᠵᠠᠬ᠎ᠠ ᠲᠠᠯᠭᠡᠬᠦᠷ᠂ ᠬᠤᠭᠤᠯᠠᠨ ᠭᠡᠷ᠂ ᠴᠤᠭᠯᠠᠭ᠎ᠠ ᠮᠠᠢᠮᠠᠢ ᠵᠡᠷᠭᠡ ᠭᠡᠭᠡᠷ᠎ᠠ ᠶᠢᠨ ᠠᠮᠢᠳᠠᠨ ᠢ ᠬᠠᠤᠯᠢ ᠪᠤᠰᠤ ᠪᠡᠷ ᠠᠷᠠᠯᠵᠢᠶᠠᠯᠠᠬᠤ ᠭᠤᠤᠯ ᠭᠠᠵᠠᠷ ᠲᠤ ᠭᠤᠤᠯᠳᠠᠯᠭ᠎ᠠ ᠲᠠᠢ ᠪᠠᠢᠴᠠᠭᠠᠯᠳᠠ ᠦᠷᠨᠢᠬᠦᠯᠵᠤ᠂ ᠭᠡᠭᠡᠷ᠎ᠠ ᠶᠢᠨ ᠠᠮᠢᠳᠠᠨ ᠢ ᠲᠤᠷ᠎ᠠ ᠪᠡᠷ ᠠᠪᠠᠯᠠᠵᠤ ᠬᠠᠤᠯᠢ ᠪᠤᠰᠤ ᠪᠡᠷ ᠠᠷᠠᠯᠵᠢᠶᠠᠯᠠᠬᠤ ᠵᠡᠷᠭᠡ ᠬᠠᠤᠯᠢ ᠲᠦᠷᠢᠮ ᠢ ᠵᠦᠷᠢᠴᠡᠭᠰᠨᠨ ᠠᠵᠢᠯᠯᠠᠭ᠎ᠠ ᠳᠤ ᠡᠷᠡᠰ ᠴᠤᠬᠢᠯᠳᠠ ᠦᠭᠴᠤ᠂ ᠭᠡᠭᠡᠷ᠎ᠠ ᠶᠢᠨ ᠠᠮᠢᠳᠠᠨ ᠢ ᠲᠤᠷ᠎ᠠ ᠪᠡᠷ ᠢᠳᠡᠬᠦ ᠮᠠᠭᠤ ᠲᠠᠳᠬᠠᠯ ᠢ ᠠᠷᠢᠯᠭᠠᠨ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠡᠬᠢ ᠡᠬᠦᠰᠤᠯ ᠡᠴᠨ ᠨᠢ ᠰᠠᠢᠳᠤᠷ ᠬᠢᠬᠦ ᠭᠡᠷᠡᠭᠳᠡᠢ᠃ ᠪᠤᠳᠠᠳᠠᠢ ᠪᠠᠢᠳᠠᠯ ᠳᠤ ᠰᠠᠭᠤᠷᠢᠯᠠᠨ᠂ ᠲᠦᠷᠤ ᠶᠢᠨ ᠪᠤᠳᠤᠯᠭ᠎ᠠ ᠶᠢ ᠤᠨᠤᠪᠴᠢᠳᠠᠢ ᠭᠡᠷᠡᠭᠵᠢᠬᠦᠯᠵᠤ᠂ ᠲᠸᠯᠸᠢᠰ᠂ ᠰᠤᠨᠢᠨ᠂ ᠰᠦᠯᠵᠢᠶ᠎ᠠ᠂ ᠸᠢᠴᠠᠲ ᠵᠡᠷᠭᠡ ᠲᠠᠪᠴᠠᠩ ᠢ ᠬᠦᠢᠴᠡᠳ ᠠᠰᠢᠭᠯᠠᠵᠤ᠂ ᠬᠠᠤᠯᠢ  ᠪᠤᠰᠤ ᠪᠡᠷ ᠭᠡᠭᠡᠷ᠎ᠠ ᠶᠢᠨ ᠠᠮᠢᠳᠠᠨ ᠢ ᠠᠷᠠᠯᠵᠢᠶᠠᠯᠠᠬᠤ ᠳᠤ ᠴᠤᠬᠢᠯᠳᠠ ᠦᠭᠴᠤ᠂ ᠭᠡᠭᠡᠷ᠎ᠠ ᠶᠢᠨ ᠠᠮᠢᠳᠠᠨ ᠢ ᠲᠤᠷ᠎ᠠ ᠪᠡᠷ ᠢᠳᠡᠬᠦ ᠮᠠᠭᠤ ᠲᠠᠳᠬᠠᠯ ᠢ ᠠᠷᠢᠯᠭᠠᠬᠤ ᠬᠠᠮᠢᠶ᠎ᠠ ᠪᠦᠬᠦᠢ ᠠᠵᠢᠯ ᠤᠨ ᠤᠬᠠᠭᠤᠯᠤᠯ ᠢ ᠤᠯᠠᠨ ᠠᠷᠭ᠎ᠠ ᠵᠠᠮ᠂ ᠤᠯᠠᠨ ᠭᠡᠯᠪᠡᠷᠢ᠂ ᠤᠯᠠᠨ ᠲᠠᠰ ᠲᠠᠪᠬᠤᠷᠭ᠎ᠠ ᠪᠡᠷ ᠰᠠᠢᠳᠤᠷ ᠬᠢᠵᠤ᠂ ᠤᠯᠠᠨ ᠲᠦᠮᠨᠨ ᠤ ᠤᠯᠠᠨ ᠨᠡᠢᠳᠠ ᠶᠢᠨ ᠡᠷᠡᠬᠦᠯ ᠬᠠᠮᠭᠠᠯᠠᠯ ᠤᠨ ᠠᠮᠤᠷ ᠲᠦᠪᠰᠢᠨ ᠤ ᠤᠬᠠᠮᠰᠠᠷ ᠢ ᠲᠠᠭᠡᠭᠰᠢᠯᠡᠬᠦᠯᠤᠨ᠂ ᠭᠡᠭᠡᠷ᠎᠎ᠠ ᠶᠢᠨ ᠠᠮᠢᠳᠠᠨ ᠢ ᠬᠠᠮᠠᠭᠠᠯᠠᠬᠤ᠂ ᠡᠷᠡᠬᠦᠯ ᠪᠤᠯᠪᠠᠰᠤᠨ ᠠᠮᠢᠳᠤᠷᠠᠯ ᠤᠨ ᠠᠷᠭ᠎ᠠ ᠮᠠᠶᠢᠭ ᠢ ᠰᠠᠨᠠᠭᠠᠴᠢᠯᠠᠬᠤ ᠨᠡᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠡᠢ ᠭᠡᠵᠡᠢ᠃


ᠡᠮᠦᠨᠡᠬᠢ᠄ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠤᠰᠢᠶᠠᠯ ᠳᠤ ᠲᠤᠮᠢᠯᠠᠬᠤ ᠡᠴᠨ ᠡᠮᠤᠨᠡᠬᠢ ᠤᠳᠤᠷᠢᠳᠬᠤ ᠺᠠᠳ᠋ᠷ ᠤᠨ ᠬᠠᠤᠯᠢ ᠴᠠᠭᠠᠵᠨ ᠶᠢᠨ ᠮᠡᠳᠡᠯᠭᠡ ᠶᠢᠨ ᠰᠢᠯᠭᠠᠯᠳᠠ ᠶᠢ ᠨᠠᠷᠢᠨ ᠬᠢᠨᠠᠮᠠᠭᠠᠢ ᠶᠠᠪᠤᠭᠳᠠᠭᠤᠯᠤᠨ ᠲᠤᠰᠢᠶᠠᠯ ᠳᠤ ᠲᠤᠮᠢᠯᠠᠬᠤ ᠺᠠᠳ᠋ᠷ ᠤᠨ ᠬᠠᠤᠯᠢ ᠪᠡᠷ ᠵᠠᠰᠠᠬᠤ ᠤᠬᠠᠮᠰᠠᠷ ᠪᠠ ᠬᠠᠤᠯᠢ ᠪᠡᠷ ᠵᠠᠰᠠᠬᠤ ᠲᠦᠷᠢᠮ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠲᠠᠭᠡᠭᠰᠢᠯᠡᠬᠦᠯᠪᠡ
ᠳᠠᠷᠠᠭᠠᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠨ ᠰᠤᠳᠤᠯᠬᠤ ᠲᠤᠭᠤᠢᠯᠠᠩ ᠮᠠᠨ ᠤ ᠬᠤᠰᠢᠭᠤᠨ ᠤ ᠮᠤᠩᠭᠤᠯ ᠦᠭᠡ ᠭᠡᠯᠨ ᠦᠰᠦᠭ ᠪᠢᠴᠢᠭ᠌ ᠢ ᠰᠤᠷᠤᠯᠴᠠᠬᠤ ᠪᠠ ᠭᠡᠷᠡᠭᠯᠡᠬᠦ ᠠᠵᠢᠯ ᠤᠨ ᠪᠠᠢᠳᠠᠯ ᠳᠤ ᠪᠠᠢᠴᠠᠭᠠᠨ ᠰᠤᠳᠤᠯᠤᠯᠳᠠ ᠬᠢᠭᠰᠡᠨ ᠨᠢ