ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠨ ᠰᠤᠳᠤᠯᠬᠤ ᠲᠤᠭᠤᠢᠯᠠᠩ ᠮᠠᠨ ᠤ ᠬᠤᠰᠢᠭᠤᠨ ᠤ ᠮᠤᠩᠭᠤᠯ ᠦᠭᠡ ᠭᠡᠯᠨ ᠦᠰᠦᠭ ᠪᠢᠴᠢᠭ᠌ ᠢ ᠰᠤᠷᠤᠯᠴᠠᠬᠤ ᠪᠠ ᠭᠡᠷᠡᠭᠯᠡᠬᠦ ᠠᠵᠢᠯ ᠤᠨ ᠪᠠᠢᠳᠠᠯ ᠳᠤ ᠪᠠᠢᠴᠠᠭᠠᠨ ᠰᠤᠳᠤᠯᠤᠯᠳᠠ ᠬᠢᠭᠰᠡᠨ ᠨᠢ
6 ᠰᠠᠷ᠎ᠠ ᠶᠢᠨ 23᠋ ᠤ ᠡᠳᠤᠷ ᠡᠴᠨ 24᠋ ᠤ ᠡᠳᠤᠷ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠦᠨᠳᠤᠰᠤᠳᠠᠨ ᠤ ᠬᠠᠷᠢᠶᠠᠳᠤ ᠶᠠᠪᠤᠳᠠᠯ ᠤᠨ ᠭᠠᠳᠠᠭᠠᠳᠤ ᠶᠠᠪᠤᠳᠠᠯ ᠤᠨ ᠵᠢᠭᠤᠯᠴᠢᠯᠠᠯ ᠤᠨ ᠵᠦᠪᠯᠡᠯ ᠤᠨ ᠡᠷᠬᠢᠯᠡᠭᠴᠢ ᠪᠤᠤ ᠬᠠᠰ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠨ ᠰᠤᠳᠤᠯᠬᠤ ᠲᠤᠭᠤᠢᠯᠠᠩ ᠶᠢᠠᠨ ᠲᠠᠭᠠᠭᠤᠯᠤᠨ ᠮᠠᠨ ᠤ ᠬᠤᠰᠢᠭᠤᠨ ᠳᠤ ᠢᠷᠡᠵᠤ ᠮᠤᠩᠭᠤᠯ ᠦᠭᠡ ᠭᠡᠯᠨ ᠦᠰᠦᠭ ᠪᠢᠴᠢᠭ᠌ ᠢ ᠰᠤᠷᠤᠯᠴᠠᠬᠤ ᠪᠠ ᠭᠡᠷᠡᠭᠯᠡᠬᠦ ᠠᠵᠢᠯ ᠳᠤ ᠪᠠᠢᠴᠠᠭᠠᠨ ᠰᠤᠳᠤᠯᠤᠯᠳᠠ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠢᠩᠭᠤ ᠶᠢᠨ ᠭᠡᠰᠢᠬᠦᠨ᠂ ᠲᠠᠳ᠋ ᠬᠤᠰᠢᠭᠤᠨ ᠲᠠᠷᠤᠭ᠎ᠠ ᠮᠡᠷᠭᠡᠨᠪᠠᠳᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠰᠦᠩ ᠯᠢᠶᠠᠨ ᠡᠾᠦ᠋ᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠪᠠ᠃



ᠪᠠᠢᠴᠠᠭᠠᠨ ᠰᠤᠳᠤᠯᠬᠤ ᠲᠤᠭᠤᠢᠯᠠᠩ ᠤᠷᠢᠳ ᠬᠤᠵᠢᠳ ᠠᠷᠤ ᠬᠦᠨᠳᠡᠯᠡᠨ ᠪᠠᠯᠭᠠᠰᠤᠨ ᠤ ᠪᠠᠶᠠᠨᠴᠠᠭᠠᠨ ᠭᠠᠴᠠᠭ᠎ᠠ ᠶᠢᠨ ᠨᠠᠮ ᠤᠯᠨᠨ ᠲᠦᠮᠨᠨ ᠤ ᠤᠢᠯᠡᠴᠢᠯᠡᠭᠡᠨ ᠤ ᠲᠦᠪ᠂ ᠠᠷᠤ ᠬᠦᠨᠳᠡᠯᠡᠨ ᠰᠤᠷᠭᠠᠭᠤᠯᠢ᠂ ᠯᠦᠪᠸᠢ ᠵᠡᠭᠡᠯᠢ(ᠭᠤᠳᠤᠮᠵᠢ)᠋ ᠶᠢᠨ ᠹᠦ᠋ ᠯᠢ ᠴᠦᠨ ᠴᠸᠩ ᠨᠡᠢᠭᠡᠮ ᠲᠤᠭᠤᠷᠢᠭ᠂ ᠲᠤᠮᠳᠠᠳᠤ ᠤᠯᠤᠰ ᠤᠨ ᠤᠢᠯᠡᠳᠪᠤᠷᠢ ᠬᠤᠳᠠᠯᠳᠤᠭᠠᠨ ᠤ ᠪᠠᠩᠬᠢ ᠶᠢᠨ ᠵᠠᠷᠤᠤᠨ ᠬᠤᠰᠢᠭᠤᠨ ᠳᠡᠬᠢ ᠰᠠᠯᠪᠤᠷᠢ ᠪᠠᠩᠬᠢ᠂ ᠮᠤᠩᠭᠤᠯ ᠭᠡᠯᠨᠨ ᠤ ᠵᠠᠰᠠᠭ ᠤ ᠶᠠᠪᠤᠳᠠᠯ ᠤᠨ ᠰᠦᠯᠵᠢᠶᠠᠨ ᠤ ᠬᠠᠮᠢᠶᠠᠷᠤᠯᠳᠠ ᠶᠢᠨ ᠤᠢᠯᠡᠴᠢᠯᠡᠭᠡᠨ ᠤ ᠲᠦᠪ ᠵᠡᠷᠭᠡ ᠭᠠᠵᠠᠷ ᠲᠤ ᠬᠦᠷᠴᠤ᠂ ᠲᠠᠨᠢᠯᠴᠠᠭᠤᠯᠭ᠎ᠠ ᠶᠢ ᠰᠤᠨᠤᠰᠬᠤ ᠪᠡᠷ ᠲᠠᠮᠵᠢᠨ᠂ ᠲᠤᠬᠠᠢ ᠶᠢᠨ ᠲᠠᠯᠠᠪᠤᠷ ᠲᠤ ᠵᠦᠭᠡᠯᠡᠨ ᠲᠤᠨᠤᠭ ᠤᠨ ᠮᠠᠲ᠋ᠸᠷᠢᠶᠠᠯ᠂ ᠮᠤᠩᠭᠤᠯ ᠬᠢᠳᠠᠳ ᠬᠤᠤᠰ ᠭᠡᠯᠡᠨ ᠤ ᠤᠢᠯᠡᠴᠢᠯᠡᠭᠡᠨ ᠤ ᠴᠤᠩᠬᠤ᠂ ᠦᠨᠳᠤᠰᠤᠳᠠᠨ ᠤ ᠰᠤᠷᠭᠠᠨ ᠬᠦᠮᠤᠵᠢᠯ ᠤᠨ ᠬᠠᠳᠠᠭᠤ ᠲᠤᠨᠤᠭ ᠲᠦᠬᠦᠭᠡᠷᠤᠮᠵᠢ ᠶᠢ ᠪᠠᠢᠴᠠᠭᠠᠨ ᠦᠵᠡᠵᠤ᠂ ᠰᠠᠭᠤᠳᠠᠯ ᠤᠨ ᠬᠤᠷᠠᠯ ᠬᠤᠷᠠᠯᠳᠤᠭᠤᠯᠬᠤ ᠭᠡᠯᠪᠡᠷᠢ ᠪᠡᠷ ᠮᠠᠨ ᠤ ᠬᠤᠰᠢᠭᠤᠨ ᠤ ᠮᠤᠩᠭᠤᠯ ᠦᠭᠡ ᠭᠡᠯᠨ ᠦᠰᠦᠭ ᠪᠢᠴᠢᠭ᠌ ᠢ ᠰᠤᠷᠤᠯᠴᠠᠬᠤ ᠪᠠ ᠭᠡᠷᠡᠭᠯᠡᠬᠦ ᠠᠵᠢᠯ ᠤᠨ ᠪᠠᠢᠳᠠᠯ ᠢ ᠨᠠᠷᠢᠯᠢᠭ ᠤᠢᠯᠠᠭᠠᠪᠠ᠃


ᠪᠤᠳᠠᠳᠠᠢ ᠭᠠᠵᠠᠷ ᠤᠨ ᠪᠠᠢᠴᠠᠭᠠᠨ ᠰᠤᠳᠤᠯᠤᠯᠳᠠ ᠲᠠᠭᠤᠰᠤᠭᠰᠠᠨ ᠤ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠵᠤ᠂ ᠮᠡᠷᠭᠡᠨᠪᠠᠳᠤ ᠡᠴᠨ ᠵᠠᠷᠤᠤᠨ ᠬᠤᠰᠢᠭᠤᠨ ᠤ ᠮᠤᠩᠭᠤᠯ ᠦᠭᠡ ᠭᠡᠯᠨ ᠦᠰᠦᠭ ᠪᠢᠴᠢᠭ᠌ ᠢ ᠰᠤᠷᠤᠯᠴᠠᠬᠤ ᠪᠠ ᠭᠡᠷᠡᠭᠯᠡᠬᠦ ᠠᠵᠢᠯ ᠦᠷᠨᠢᠬᠦᠯᠦᠭᠰᠨᠨ ᠪᠠᠢᠳᠠᠯ ᠤᠨ ᠲᠤᠬᠠᠢ ᠮᠡᠳᠡᠬᠦᠯᠤᠯᠳᠠ ᠬᠢᠪᠡ᠃
ᠪᠤᠤ ᠬᠠᠰ ᠡᠴᠨ ᠵᠠᠷᠤᠤᠨ ᠬᠤᠰᠢᠭᠤᠨ ᠤ ᠮᠤᠩᠭᠤᠯ ᠦᠭᠡ ᠭᠡᠯᠨ ᠦᠰᠦᠭ ᠪᠢᠴᠢᠭ᠌ ᠢ ᠰᠤᠷᠤᠯᠴᠠᠬᠤ ᠪᠠ ᠭᠡᠷᠡᠭᠯᠡᠬᠦ ᠠᠵᠢᠯ ᠦᠷᠨᠢᠬᠦᠯᠦᠭᠰᠨᠨ ᠪᠠᠢᠳᠠᠯ ᠳᠤ ᠬᠦᠢᠴᠡᠳ ᠦᠨᠡᠯᠡᠯᠳᠠ ᠦᠭᠪᠡ᠃ ᠲᠠᠷᠨ ᠵᠢᠭᠠᠵᠤ ᠭᠠᠷᠭᠠᠭᠰᠨᠨ ᠨᠢ᠂ ᠵᠠᠷᠤᠤᠨ ᠬᠤᠰᠢᠭᠤ ᠮᠤᠩᠭᠤᠯ ᠦᠭᠡ ᠭᠡᠯᠨ ᠦᠰᠦᠭ ᠪᠢᠴᠢᠭ᠌ ᠢ ᠰᠤᠷᠤᠯᠴᠠᠬᠤ ᠪᠠ ᠭᠡᠷᠡᠭᠯᠡᠬᠦ ᠠᠵᠢᠯ ᠢ ᠤᠯᠠᠮ ᠨᠢᠭᠡ ᠠᠯᠬᠤᠮ ᠰᠠᠢᠳᠤᠷ ᠠᠳᠬᠤᠵᠤ᠂ ᠵᠤᠬᠢᠶᠠᠨ ᠪᠠᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠦᠵᠡᠯ ᠰᠠᠨᠠᠭ᠎ᠠ ᠲᠠᠨᠢᠯᠳᠠ ᠪᠠᠨ ᠨᠢᠭᠡᠳᠭᠡᠵᠤ᠂ ᠨᠡᠢᠭᠡᠮ ᠤᠨ ᠮᠡᠳᠡᠷᠡᠮᠵᠢ ᠶᠢ ᠲᠠᠭᠡᠭᠰᠢᠯᠡᠬᠦᠯᠬᠦ ᠭᠡᠷᠡᠭᠳᠡᠢ᠃ ᠮᠤᠩᠭᠤᠯ ᠬᠢᠳᠠᠳ ᠬᠤᠤᠰ ᠭᠡᠯᠨᠨ ᠤ ᠺᠠᠳ᠋ᠷ ᠤᠨ ᠴᠢᠳᠠᠪᠤᠷᠢᠳᠠᠨ ᠤ ᠡᠩᠨᠡᠭᠡ ᠶᠢᠨ ᠪᠦᠳᠤᠭᠡᠨ ᠪᠠᠢᠭᠤᠯᠤᠯᠳᠠ ᠶᠢ ᠴᠢᠩᠭᠠᠳᠬᠠᠵᠤ᠂ ᠤᠷᠤᠯᠠᠭᠤᠯᠤᠯᠳᠠ ᠶᠢᠨ ᠡᠷᠴᠢᠮ ᠪᠠ ᠪᠤᠯᠪᠠᠰᠤᠷᠠᠯ ᠤᠨ ᠡᠷᠴᠢᠮ ᠶᠢᠠᠨ ᠴᠢᠩᠭᠠᠷᠠᠭᠤᠯᠤᠨ᠂ ᠮᠤᠩᠭᠤᠯ ᠬᠢᠳᠠᠳ ᠭᠡᠯᠡᠨ ᠳᠤ ᠨᠡᠪᠳᠡᠷᠡᠭᠰᠨᠨ ᠠᠵᠢᠯᠳᠠᠨ ᠢ ᠡᠯᠰᠡᠬᠦ ᠬᠠᠷᠢᠴᠠᠯ ᠶᠢᠠᠨ ᠲᠠᠭᠡᠭᠰᠢᠯᠡᠬᠦᠯᠵᠤ᠂《ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠭᠡᠯᠨ ᠦᠰᠦᠭ ᠪᠢᠴᠢᠭ᠌ ᠤᠨ ᠠᠵᠢᠯ ᠤᠨ ᠲᠦᠷᠢᠮ》᠋ ᠢ ᠦᠨᠡᠨᠬᠦ ᠪᠤᠳᠠᠳᠠᠢ ᠳᠤ ᠨᠠᠢᠳᠠᠪᠤᠷᠢᠵᠢᠭᠤᠯᠬᠤ ᠭᠡᠷᠡᠭᠳᠡᠢ ᠭᠡᠵᠡᠢ᠃
ᠰᠦᠩ ᠯᠢᠶᠠᠨ ᠡᠾᠦ᠋ᠢ ᠬᠤᠷᠠᠯ ᠲᠠᠭᠡᠷ᠎ᠠ ᠢᠯᠡᠷᠭᠡᠢᠯᠡᠭᠰᠨᠨ ᠨᠢ᠂ ᠵᠠᠷᠤᠤᠨ ᠬᠤᠰᠢᠭᠤ ᠲᠤᠰ ᠤᠳᠠᠭᠠᠨ ᠤ ᠮᠤᠩᠭᠤᠯ ᠬᠢᠳᠠᠳ ᠭᠡᠯᠨ ᠶᠢ ᠬᠠᠮᠳᠤ ᠳᠤᠨᠢ ᠭᠡᠷᠡᠭᠯᠡᠬᠦ ᠪᠠᠢᠴᠠᠭᠠᠨ ᠰᠤᠳᠤᠯᠤᠯᠳᠠ ᠲᠤᠮᠳᠠ ᠤᠷᠤᠰᠢᠵᠤ ᠪᠠᠢᠭ᠎ᠠ ᠲᠦᠷᠢᠮᠵᠢᠯ ᠪᠤᠰᠤ ᠠᠰᠠᠭᠤᠳᠠᠯ ᠢ ᠨᠠᠷᠢᠨ ᠬᠢᠨᠠᠮᠠᠭᠠᠢ ᠡᠮᠬᠢᠳᠭᠡᠵᠤ᠂ ᠲᠠᠭᠡᠷ᠎ᠠ ᠱᠠᠳᠤᠨ ᠤ ᠲᠤᠬᠢᠷᠠᠭᠤᠯᠤᠯᠳᠠ ᠪᠠᠢᠷᠢᠯᠠᠭᠤᠯᠤᠯᠳᠠ ᠶᠤᠰᠤᠭᠠᠷ᠂ ᠪᠦᠬᠦ ᠬᠤᠰᠢᠭᠤᠨ ᠤ ᠮᠤᠩᠭᠤᠯ ᠦᠭᠡ ᠭᠡᠯᠨ ᠦᠰᠦᠭ ᠪᠢᠴᠢᠭ᠌ ᠢ ᠰᠤᠷᠤᠯᠴᠠᠬᠤ ᠪᠠ ᠭᠡᠷᠡᠭᠯᠡᠬᠦ ᠠᠵᠢᠯ ᠤᠨ ᠬᠢᠷᠢ ᠲᠦᠪᠰᠢᠨ ᠶᠢᠠᠨ ᠦᠨᠡᠨᠬᠦ ᠲᠠᠰᠤᠷᠠᠯᠳᠠ ᠦᠭᠡᠢ ᠲᠠᠭᠡᠭᠰᠢᠯᠡᠬᠦᠯᠤᠨᠡ ᠭᠡᠵᠡᠢ᠃
ᠬᠤᠷᠠᠯ ᠳᠤ ᠤᠷᠤᠯᠴᠠᠭᠰᠠᠳ ᠮᠤᠩᠭᠤᠯ ᠦᠭᠡ ᠭᠡᠯᠨ ᠦᠰᠦᠭ ᠪᠢᠴᠢᠭ᠌ ᠢ ᠰᠤᠷᠤᠯᠴᠠᠬᠤ ᠪᠠ ᠭᠡᠷᠡᠭᠯᠡᠬᠦ ᠠᠵᠢᠯ ᠢ ᠭᠡᠷᠬᠢᠨ ᠰᠠᠢᠳᠤᠷ ᠬᠢᠬᠦ ᠲᠤᠬᠠᠢ ᠰᠠᠢᠨ ᠰᠠᠢᠬᠠᠨ ᠰᠠᠨᠠᠯ ᠰᠠᠨᠠᠭᠤᠯᠭ᠎ᠠ ᠲᠤᠷᠠᠳᠤᠵᠠᠭᠠᠪᠠ᠃