ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠢᠨᠠᠨ ᠪᠠᠢᠴᠠᠭᠠᠬᠤ ᠲᠤᠭᠤᠢᠯᠠᠩ 2020 ᠤᠨ ᠤ ᠠᠷᠠᠳ ᠤᠨ ᠲᠦᠯᠦᠭᠡᠯᠡᠭᠴᠢ ᠶᠢᠨ ᠭᠤᠤᠯᠳᠠᠯᠭ᠎ᠠ ᠲᠠᠢ ᠰᠠᠨᠠᠭᠤᠯᠭ᠎ᠠ ᠶᠢ ᠰᠢᠢᠳᠪᠤᠷᠢᠯᠡᠭᠰᠨᠨ ᠪᠠᠢᠳᠠᠯ ᠳᠤ ᠬᠢᠨᠠᠨ ᠪᠠᠢᠴᠠᠭᠠᠯᠳᠠ ᠬᠢᠭᠰᠡᠡ ᠨᠢ


        6 ᠰᠠᠷ᠎ᠠ ᠶᠢᠨ 29᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ ᠨᠢᠭᠡ ᠪᠦᠯᠦᠭ ᠠᠷᠠᠳ ᠤᠨ ᠲᠦᠯᠤᠭᠡᠯᠡᠭᠴᠢ ᠶᠢ ᠲᠠᠭᠠᠭᠤᠯᠵᠤ᠂ 2020 ᠤᠨ ᠤ ᠠᠷᠠᠳ ᠤᠨ ᠲᠦᠯᠤᠭᠡᠯᠡᠭᠴᠢ ᠶᠢᠨ ᠭᠤᠤᠯᠳᠠᠯᠭ᠎ᠠ ᠲᠠᠢ ᠰᠠᠨᠠᠭᠤᠯᠭ᠎ᠠ ᠶᠢ ᠰᠢᠢᠳᠪᠤᠷᠢᠯᠡᠭᠰᠨᠨ ᠪᠠᠢᠳᠠᠯ ᠳᠤ ᠲᠤᠬᠠᠢ ᠶᠢᠨ ᠲᠠᠯᠠᠪᠤᠷ ᠲᠤ ᠬᠢᠨᠠᠨ ᠪᠠᠢᠴᠠᠭᠠᠯᠳᠠ ᠬᠢᠪᠡ᠃ ᠲᠠᠳ᠋ ᠬᠤᠰᠢᠭᠤᠨ ᠲᠠᠷᠤᠭ᠎ᠠ ᠸᠠᠩ ᠶᠠᠨ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠪᠠ᠃

        


        

        ᠬᠢᠨᠠᠨ ᠪᠠᠢᠴᠠᠭᠠᠬᠤ ᠲᠤᠭᠤᠢᠯᠠᠩ ᠲᠤᠬᠠᠢ ᠶᠢᠨ ᠲᠠᠯᠠᠪᠤᠷ ᠲᠤ ᠵᠠᠷᠤᠤᠨ ᠨᠢᠭᠡᠳᠤᠭᠡᠷ ᠲᠤᠮᠳᠠᠳᠤ ᠰᠤᠷᠭᠠᠭᠤᠯᠢ ᠶᠢᠨ ᠡᠬᠦᠳᠠᠨ ᠡᠮᠤᠨᠡᠬᠢ ᠤᠰᠤ ᠲᠠᠳᠠᠷᠠᠭᠤᠯᠬᠤ ᠰᠤᠪᠠᠭ ᠢ ᠪᠠᠢᠴᠠᠭᠠᠨ ᠦᠵᠡᠵᠤ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠲᠦᠷᠪᠡᠳᠤᠭᠡᠷ ᠤᠳᠠᠭᠠᠨ ᠤ ᠠᠷᠠᠳ ᠤᠨ ᠲᠦᠯᠤᠭᠡᠯᠡᠭᠴᠢ ᠶᠢᠨ ᠭᠤᠤᠯᠳᠠᠯᠭ᠎ᠠ ᠲᠠᠢ ᠰᠠᠨᠠᠭᠤᠯᠭ᠎ᠠ《ᠮᠠᠨ ᠤ ᠬᠤᠰᠢᠭᠤᠨ ᠤ ᠲᠠᠭᠡᠳᠤ ᠰᠤᠷᠭᠠᠭᠤᠯᠢ ᠳᠤ ᠡᠯᠰᠡᠬᠦ ᠪᠠ ᠦᠨᠳᠤᠷ ᠲᠤᠮᠳᠠᠳᠤ ᠳᠤ ᠲᠠᠪᠰᠢᠬᠤ ᠰᠢᠯᠭᠠᠯᠳᠠ ᠶᠢᠨ ᠴᠡᠭ ᠤᠨ ᠡᠬᠦᠳᠠᠨ ᠡᠮᠤᠨᠡᠬᠢ ᠤᠰᠤ ᠲᠠᠳᠠᠷᠠᠭᠤᠯᠬᠤ ᠠᠰᠠᠭᠤᠳᠠᠯ ᠢ ᠵᠠᠰᠠᠬᠤ ᠲᠤᠬᠠᠢ ᠰᠠᠨᠠᠭᠤᠯᠭ᠎ᠠ》᠋ ᠶᠢ ᠰᠢᠢᠳᠪᠤᠷᠢᠯᠡᠭᠰᠨᠨ ᠪᠠᠢᠳᠠᠯ ᠢ ᠨᠠᠷᠢᠨ ᠤᠢᠯᠠᠭᠠᠪᠠ᠃

        
           ᠬᠤᠰᠢᠭᠤᠨ ᠤ ᠤᠷᠤᠨ ᠰᠠᠭᠤᠴᠨ ᠪᠠ ᠬᠤᠳᠠ ᠬᠦᠳᠡᠭᠡ ᠶᠢᠨ ᠪᠦᠳᠤᠭᠡᠨ ᠪᠠᠢᠭᠤᠯᠤᠯᠳᠠ ᠶᠢᠨ ᠲᠤᠪᠴᠢᠶ᠎ᠠ᠂ ᠶᠡᠷᠤᠩᠭᠡᠢᠯᠡᠭᠰᠨᠨ ᠬᠠᠤᠯᠢ ᠭᠡᠷᠡᠭᠵᠢᠬᠦᠯᠦᠯᠳᠠ ᠶᠢᠨ ᠲᠤᠪᠴᠢᠶ᠎ᠠ᠂ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠪᠠᠶ᠎ᠠ ᠲᠠᠮᠢᠷ ᠤᠨ ᠲᠤᠪᠴᠢᠶ᠎ᠠ ᠶᠢᠨ ᠬᠠᠷᠢᠭᠤᠴᠠᠯᠭᠠᠳᠠᠨ ᠭᠤᠤᠯᠳᠠᠯᠭ᠎ᠠ ᠲᠠᠢ ᠰᠠᠨᠠᠭᠤᠯᠭ᠎ᠠ ᠶᠢ ᠰᠢᠢᠳᠪᠤᠷᠢᠯᠡᠭᠰᠨᠨ ᠪᠠᠢᠳᠠᠯ ᠶᠢᠠᠨ ᠬᠠᠷᠢᠭᠤ ᠮᠡᠳᠡᠬᠦᠯᠪᠡ᠃

        
             ᠡᠤ ᠰᠢᠶᠤᠤ ᠡᠴᠨ ᠠᠷᠠᠳ ᠤᠨ ᠲᠦᠯᠤᠭᠡᠯᠡᠭᠴᠢ ᠶᠢᠨ ᠲᠤᠷᠠᠳᠤᠭᠰᠨᠨ ᠴᠢᠨᠠᠷ ᠰᠠᠢᠳᠠᠢ ᠰᠠᠨᠠᠭᠤᠯᠭ᠎ᠠ ᠪᠠ ᠬᠠᠷᠢᠭᠤᠴᠠᠨ ᠰᠢᠢᠳᠪᠤᠷᠢᠯᠡᠭᠰᠨᠨ ᠪᠠᠢᠭᠤᠯᠭ᠎ᠠ ᠶᠢᠨ ᠨᠠᠷᠢᠨ ᠬᠢᠨᠠᠮᠭᠠᠢ ᠨᠠᠢᠳᠠᠪᠤᠷᠢᠵᠢᠭᠤᠯᠤᠨ ᠰᠢᠢᠳᠪᠤᠷᠢᠯᠡᠭᠰᠨᠨ ᠪᠠᠢᠳᠠᠯ ᠳᠤ ᠬᠦᠢᠴᠡᠳ ᠦᠨᠡᠯᠡᠯᠳᠠ ᠦᠭᠬᠦ ᠶᠢᠨ ᠬᠠᠮᠳᠤ᠂ ᠦᠵᠡᠯ ᠰᠠᠨᠠᠭ᠎ᠠ ᠲᠠᠨᠢᠯᠳᠠ ᠪᠠᠨ ᠬᠦᠨᠵᠡᠭᠡᠢᠷᠡᠬᠦᠯᠤᠨ᠂ ᠰᠠᠨᠠᠭᠤᠯᠭ᠎ᠠ ᠰᠢᠢᠳᠪᠤᠷᠢᠯᠡᠬᠦ ᠬᠠᠷᠢᠭᠤᠴᠠᠯᠭᠠᠳᠤ ᠰᠡᠳᠬᠢᠯᠭᠡ ᠪᠠᠨ ᠴᠢᠩᠭᠠᠷᠠᠭᠤᠯᠵᠤ᠂ ᠲᠠᠭᠡᠳᠤ ᠭᠡᠮᠵᠢᠶᠠᠨ ᠤ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠶᠢᠠᠷ ᠠᠷᠠᠳ ᠤᠨ ᠲᠦᠯᠤᠭᠡᠯᠡᠭᠴᠢ ᠶᠢᠨ ᠲᠤᠷᠠᠳᠤᠭᠰᠠᠨ ᠰᠠᠨᠠᠭᠤᠯᠭ᠎ᠠ ᠶᠢ ᠨᠠᠷᠢᠯᠢᠭ ᠰᠠᠢᠳᠤᠷ ᠰᠢᠢᠳᠪᠤᠷᠢᠯᠡᠬᠦ ᠭᠡᠷᠡᠭᠳᠡᠢ ᠭᠡᠵᠡᠢ᠃

        


        
             ᠸᠠᠩ ᠶᠠᠨ ᠵᠢᠶᠦ᠋ᠨ ᠵᠢᠭᠠᠵᠤ ᠭᠠᠷᠭᠠᠭᠰᠨᠨ ᠨᠢ᠂ ᠬᠠᠷᠢᠭᠤᠴᠠᠨ ᠰᠢᠢᠳᠪᠤᠷᠢᠯᠡᠬᠦ ᠪᠠᠢᠭᠤᠯᠭ᠎ᠠ ᠠᠷᠠᠳ ᠤᠨ ᠲᠦᠯᠤᠭᠡᠯᠡᠭᠴᠢ ᠶᠢᠨ ᠰᠠᠨᠠᠭᠤᠯᠭ᠎ᠠ ᠶᠢᠨ ᠰᠢᠢᠳᠪᠤᠷᠢᠯᠡᠬᠦ ᠴᠢᠬᠤᠯᠨ ᠴᠢᠨᠠᠷ ᠢ ᠬᠦᠢᠴᠡᠳ ᠲᠠᠨᠢᠵᠤ᠂ ᠰᠢᠢᠳᠪᠤᠷᠢᠯᠡᠬᠦ ᠠᠵᠢᠯ ᠤᠨ ᠡᠬᠦᠷᠭᠡ ᠬᠠᠷᠢᠭᠤᠴᠠᠯᠭᠠᠳᠤ ᠰᠡᠳᠬᠢᠯᠭᠡ ᠪᠠᠨ ᠦᠨᠡᠨᠬᠦ ᠨᠡᠮᠡᠭᠳᠡᠬᠦᠯᠬᠦ ᠭᠡᠷᠡᠭᠳᠡᠢ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠯᠤᠭ᠎ᠠ ᠶᠢᠨ ᠬᠠᠷᠢᠯᠴᠠᠭ᠎ᠠ ᠨᠡᠪᠳᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠨᠠᠭᠠᠴᠢᠯᠠᠭ᠎ᠠ ᠡᠴᠨ ᠪᠠᠨ ᠲᠦᠯᠤᠭᠡᠯᠡᠭᠴᠢᠳ ᠢ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠬᠦ᠂ ᠲᠤᠬᠠᠢ ᠶᠢᠨ ᠭᠠᠵᠠᠷ ᠲᠤ ᠰᠢᠨᠵᠢᠯᠡᠨ ᠪᠠᠢᠴᠠᠭᠠᠯᠳᠠ ᠬᠢᠬᠦ ᠪᠠ ᠲᠤᠬᠠᠢ ᠶᠢᠨ ᠭᠠᠵᠠᠷ ᠲᠤ ᠰᠢᠢᠳᠪᠤᠷᠢᠯᠡᠬᠦ ᠳᠤ ᠤᠷᠢᠵᠤ ᠤᠷᠤᠯᠴᠠᠭᠤᠯᠤᠨ᠂ ᠠᠰᠠᠭᠤᠳᠠᠯ ᠢ ᠰᠢᠢᠳᠪᠤᠷᠢᠯᠡᠬᠦ ᠠᠷᠭ᠎ᠠ ᠠᠪᠴᠠᠯ ᠢ ᠬᠠᠮᠳᠤᠪᠠᠷ ᠰᠤᠳᠤᠯᠤᠨ ᠠᠬᠢᠭᠤᠯᠬᠤ ᠭᠡᠷᠡᠭᠳᠡᠢ᠃ ᠰᠢᠯᠭᠠᠨ ᠬᠢᠨᠠᠨ ᠪᠠᠢᠴᠠᠭᠠᠬᠤ ᠶᠢ ᠴᠢᠩᠳᠠᠯᠠᠵᠤ᠂ ᠰᠢᠢᠳᠪᠤᠷᠢᠯᠡᠬᠦ ᠪᠤᠳᠠᠳᠠᠢ ᠦᠷ᠎ᠠ ᠪᠦᠳᠤᠮᠵᠢ ᠶᠢ ᠴᠢᠬᠤᠯᠠᠴᠢᠯᠠᠨ᠂ ᠵᠠᠰᠠᠭ ᠤᠨ ᠤᠷᠳᠤᠨ ᠲᠦᠷᠤᠬᠦᠯᠡᠨ ᠬᠢᠬᠦ᠂ ᠰᠠᠯᠠᠭ᠎ᠠ ᠮᠦᠴᠢᠷ ᠬᠠᠮᠳᠤᠷᠠᠨ ᠬᠦᠳᠡᠯᠤᠯᠴᠡᠬᠦ᠂ ᠲᠤᠰ ᠲᠤᠰ ᠤᠨ ᠬᠠᠷᠢᠭᠤᠴᠠᠯᠭ᠎ᠠ ᠪᠠᠨ ᠬᠦᠢᠴᠡᠳᠭᠡᠬᠦ᠂ ᠶᠡᠷᠤᠩᠭᠡᠢᠯᠡᠨ ᠵᠠᠰᠠᠬᠤ ᠤᠷᠳᠤ ᠬᠤᠭᠤᠴᠠᠭᠠᠨ ᠤ ᠪᠦᠳᠤᠮᠵᠢᠳᠠᠢ ᠲᠤᠭᠳᠠᠴᠨ ᠶᠢ ᠪᠤᠢ ᠪᠤᠯᠭᠠᠬᠤ ᠭᠡᠷᠡᠭᠳᠡᠢ᠃ ᠰᠢᠨ᠎ᠡ ᠨᠢᠭᠡ ᠡᠭᠡᠯᠵᠢ ᠶᠢᠨ ᠬᠤᠳᠠ ᠶᠢᠨ ᠲᠦᠯᠤᠪᠵᠢᠬᠦᠯᠭᠡ ᠲᠠᠢ ᠤᠶᠠᠯᠳᠤᠭᠤᠯᠤᠨ᠂ ᠵᠠᠮ ᠤᠨ ᠰᠦᠯᠵᠢᠶ᠎ᠠ ᠶᠢᠨ ᠲᠦᠯᠤᠪᠵᠢᠬᠦᠯᠭᠡ ᠶᠢ ᠰᠠᠢᠳᠤᠷ ᠬᠢᠵᠤ᠂ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢᠨ ᠡᠷᠴᠢᠮ ᠢ ᠴᠢᠩᠭᠠᠷᠠᠭᠤᠯᠤᠨ᠂ ᠪᠠᠴᠢᠮ ᠪᠠᠢᠳᠠᠯ ᠢ ᠠᠷᠭᠠᠴᠠᠬᠤ ᠪᠡᠯᠡᠳᠭᠡᠯ ᠲᠦᠰᠤᠯ ᠢ ᠰᠠᠢᠳᠤᠷ ᠬᠢᠵᠤ᠂ ᠰᠢᠯᠭᠠᠯᠳᠠ ᠶᠢᠨ ᠴᠡᠭ ᠤᠨ ᠡᠬᠦᠳᠠᠨ ᠡᠮᠤᠨᠡᠬᠢ ᠤᠰᠤ ᠲᠠᠳᠠᠷᠠᠭᠤᠯᠬᠤ ᠶᠢᠨ ᠡᠮᠬᠢ ᠵᠢᠷᠤᠮ ᠲᠠᠢ ᠰᠠᠭᠠᠳ ᠦᠭᠡᠢ ᠨᠡᠪᠳᠡᠷᠡᠬᠦ ᠶᠢ ᠪᠠᠳᠤᠯᠠᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠪᠠ ᠪᠦᠬᠦ ᠬᠤᠰᠢᠭᠤᠨ ᠤ ᠠᠷᠠᠳ ᠲᠦᠮᠨᠨ ᠳᠤ ᠨᠢᠭᠡᠨ ᠬᠤᠪᠢ ᠬᠠᠨᠤᠮᠵᠢᠳᠠᠢ ᠬᠠᠷᠢᠭᠤᠯᠳᠠ ᠶᠢᠨ ᠬᠠᠭᠤᠳᠠᠰᠤ ᠲᠤᠰᠢᠶᠠᠬᠤ ᠪᠡᠷ ᠴᠢᠷᠮᠠᠢᠬᠤ ᠭᠡᠷᠡᠭᠳᠡᠢ ᠭᠡᠵᠡᠢ᠃


ᠡᠮᠦᠨᠡᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠨ ᠰᠤᠳᠤᠯᠬᠤ ᠲᠤᠭᠤᠢᠯᠠᠩ ᠮᠠᠨ ᠤ ᠬᠤᠰᠢᠭᠤᠨ ᠤ ᠮᠤᠩᠭᠤᠯ ᠦᠭᠡ ᠭᠡᠯᠨ ᠦᠰᠦᠭ ᠪᠢᠴᠢᠭ᠌ ᠢ ᠰᠤᠷᠤᠯᠴᠠᠬᠤ ᠪᠠ ᠭᠡᠷᠡᠭᠯᠡᠬᠦ ᠠᠵᠢᠯ ᠤᠨ ᠪᠠᠢᠳᠠᠯ ᠳᠤ ᠪᠠᠢᠴᠠᠭᠠᠨ ᠰᠤᠳᠤᠯᠤᠯᠳᠠ ᠬᠢᠭᠰᠡᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠨᠠᠮ ᠤᠨ ᠪᠠᠢᠭᠤᠯᠤᠯᠳᠠ ᠵᠢᠴᠢ ᠨᠠᠮ ᠤᠨ ᠰᠤᠷᠳᠠᠯ ᠠᠷᠢᠭᠤᠨ ᠴᠢᠭᠡᠴᠢ ᠵᠠᠰᠠᠭ ᠤᠨ ᠠᠵᠢᠯ ᠤᠨ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ