ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠨᠠᠮ ᠤᠨ ᠪᠠᠢᠭᠤᠯᠤᠯᠳᠠ ᠵᠢᠴᠢ ᠨᠠᠮ ᠤᠨ ᠰᠤᠷᠳᠠᠯ ᠠᠷᠢᠭᠤᠨ ᠴᠢᠭᠡᠴᠢ ᠵᠠᠰᠠᠭ ᠤᠨ ᠠᠵᠢᠯ ᠤᠨ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ


        


        

        7 ᠰᠠᠷ᠎ᠠ ᠶᠢᠨ1᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠨᠠᠮ ᠤᠨ ᠪᠠᠢᠭᠤᠯᠤᠯᠳᠠ ᠵᠢᠴᠢ ᠨᠠᠮ ᠤᠨ ᠰᠤᠷᠳᠠᠯ ᠠᠷᠢᠭᠤᠨ ᠴᠢᠭᠡᠴᠢ ᠵᠠᠰᠠᠭ ᠤᠨ ᠠᠵᠢᠯ ᠤᠨ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ᠂ ᠡᠷᠬᠢᠯᠡᠭᠴᠢ ᠪᠠᠶᠠᠨᠰᠠᠩ᠂ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠠᠪᠠᠳᠤ᠂ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠪᠠᠢᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠬᠤᠷᠠᠯ ᠳᠤ ᠤᠷᠤᠯᠴᠠᠠ᠂ ᠡᠤ ᠰᠢᠶᠤᠤ ᠬᠤᠷᠠᠯ ᠡᠷᠬᠢᠯᠡᠪᠡ᠃

        
            ᠬᠤᠷᠠᠯ ᠲᠠᠭᠡᠷ᠎ᠠ᠂ ᠪᠠᠶᠠᠨᠰᠠᠩ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠨᠠᠮ ᠤᠨ ᠪᠠᠢᠭᠤᠯᠤᠯᠳᠠ ᠪᠠ ᠨᠠᠮ ᠤᠨ ᠰᠤᠷᠳᠠᠯ ᠠᠷᠢᠭᠤᠨ ᠴᠢᠭᠡᠴᠢ ᠵᠠᠰᠠᠭ ᠤᠨ ᠠᠵᠢᠯ ᠤᠨ ᠤᠯᠤᠭᠰᠨᠨ ᠠᠮᠵᠢᠯᠳᠠ ᠶᠢ ᠬᠦᠢᠴᠡᠳ ᠦᠨᠡᠯᠡᠬᠦ ᠶᠢᠨ ᠬᠠᠮᠳᠤ ᠤᠷᠤᠰᠢᠵᠤ ᠪᠠᠢᠭ᠎ᠠ ᠠᠰᠠᠭᠤᠳᠠᠯ ᠪᠠ ᠬᠦᠷᠤᠯᠴᠠᠬᠦ ᠦᠭᠡᠢ ᠲᠠᠯ᠎ᠠ ᠶᠢ ᠪᠤᠰᠤᠤᠨᠴᠢ ᠪᠡᠷ ᠵᠢᠭᠠᠵᠤ ᠭᠠᠷᠭᠠᠵᠠᠢ᠃ ᠪᠠᠶᠠᠨᠰᠠᠩ ᠡᠴᠨ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠢ ᠤᠯᠤᠰ ᠲᠦᠷᠤ᠂ ᠰᠤᠷᠤᠯᠴᠠᠯᠭ᠎ᠠ ᠂ ᠤᠪᠤᠷ ᠰᠤᠷᠳᠠᠯ ᠂ ᠶᠤᠰᠤ ᠲᠦᠷᠢᠮ ᠪᠠ ᠡᠶ᠎ᠠ ᠵᠤᠬᠢᠴᠠᠯ ᠢ ᠡᠷᠬᠢᠮᠯᠡᠨ᠂《ᠲᠦᠷᠪᠠᠨ ᠤᠬᠠᠮᠰᠠᠷ》᠋ ᠢ ᠪᠠᠳᠤ ᠪᠠᠬᠢ ᠪᠤᠢ ᠪᠤᠯᠭᠠᠵᠤ᠂《ᠲᠦᠷᠪᠠᠨ ᠢᠳᠡᠭᠡᠯ》᠋ ᠢ ᠪᠠᠳᠤᠳᠬᠠᠨ᠂《ᠬᠤᠶᠠᠷ ᠢ ᠬᠠᠮᠠᠭᠠᠯᠠᠬᠤ》᠋ ᠶᠢ ᠡᠷᠡᠰ ᠰᠠᠢᠳᠤᠷ ᠬᠢᠵᠤ᠂ ᠪᠠᠢᠭᠤᠯᠭ᠎᠎ᠠ ᠶᠢᠨ ᠨᠠᠮ ᠤᠨ ᠪᠠᠢᠭᠤᠯᠤᠯᠳᠠ ᠶᠢᠨ ᠠᠵᠢᠯ ᠤᠨ ᠬᠠᠷᠢᠭᠤᠴᠠᠯᠭᠠᠳᠤ ᠰᠡᠳᠬᠢᠯᠭᠡ ᠶᠢ ᠲᠠᠰᠤᠷᠠᠯᠳᠠ ᠦᠭᠡᠢ ᠨᠡᠮᠡᠭᠳᠡᠬᠦᠯᠬᠦ ᠶᠢ ᠰᠠᠢᠳᠤᠷ ᠬᠢᠵᠤ᠂ ᠠᠵᠢᠯ ᠶᠢᠠᠨ ᠪᠦᠳᠤᠭᠡᠯᠴᠢ ᠪᠡᠷ ᠦᠷᠨᠢᠬᠦᠯᠤᠨ᠂ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠴᠢᠨᠠᠷ ᠰᠠᠢᠳᠠᠢ ᠬᠦᠭᠵᠢᠯᠳᠠ ᠳᠤ ᠨᠡᠩ ᠰᠠᠢᠨ ᠶᠢᠠᠷ ᠤᠢᠯᠡᠴᠢᠯᠡᠬᠦ ᠪᠡ ᠠᠬᠢᠭᠤᠯᠬᠤ ᠭᠡᠷᠡᠭᠳᠡᠢ ᠭᠡᠵᠤ ᠱᠠᠭᠠᠷᠳᠠᠪᠠ᠃

        

     
            ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠡᠤ ᠰᠢᠶᠤᠤ  ᠡᠴᠨ ᠭᠤᠷᠪᠠᠨ ᠵᠤᠢᠯ ᠢ ᠴᠢᠬᠤᠯᠠᠴᠢᠯᠠᠪᠠ᠃ ᠨᠢᠭᠡ ᠳᠤ᠂ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠤᠢᠯᠠᠭᠠᠬᠤ ᠭᠡᠷᠡᠭᠳᠡᠢ᠃ ᠬᠤᠶᠠᠷ ᠲᠤ᠂ ᠬᠠᠷᠢᠭᠤᠴᠠᠯᠭ᠎ᠠ ᠪᠠᠨ ᠴᠢᠩᠭᠠᠷᠠᠭᠤᠯᠤᠨ ᠨᠠᠢᠳᠠᠪᠤᠷᠢᠵᠢᠭᠤᠯᠤᠯᠳᠠ ᠶᠢ ᠰᠠᠢᠳᠤᠷ ᠠᠳᠬᠤᠬᠤ ᠭᠡᠷᠡᠭᠳᠡᠢ᠃ ᠭᠤᠷᠪᠠ ᠳᠤ᠂ ᠠᠵᠢᠯ ᠤᠨ ᠰᠡᠳᠬᠢᠴᠨ ᠶᠢᠨ ᠰᠢᠨ᠎ᠡ ᠶᠢ ᠡᠬᠦᠳᠤᠨ ᠨᠠᠮ ᠤᠨ ᠪᠠᠢᠭᠤᠯᠤᠯᠳᠠ ᠶᠢ ᠠᠳᠬᠤᠬᠤ ᠭᠡᠷᠡᠭᠳᠡᠢ ᠭᠡᠵᠡᠢ᠃


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠢᠨᠠᠨ ᠪᠠᠢᠴᠠᠭᠠᠬᠤ ᠲᠤᠭᠤᠢᠯᠠᠩ 2020 ᠤᠨ ᠤ ᠠᠷᠠᠳ ᠤᠨ ᠲᠦᠯᠦᠭᠡᠯᠡᠭᠴᠢ ᠶᠢᠨ ᠭᠤᠤᠯᠳᠠᠯᠭ᠎ᠠ ᠲᠠᠢ ᠰᠠᠨᠠᠭᠤᠯᠭ᠎ᠠ ᠶᠢ ᠰᠢᠢᠳᠪᠤᠷᠢᠯᠡᠭᠰᠨᠨ ᠪᠠᠢᠳᠠᠯ ᠳᠤ ᠬᠢᠨᠠᠨ ᠪᠠᠢᠴᠠᠭᠠᠯᠳᠠ ᠬᠢᠭᠰᠡᠡ ᠨᠢ
ᠳᠠᠷᠠᠭᠠᠬᠢ᠄ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠮᠠᠯᠵᠢᠬᠤ ᠤᠷᠤᠨ ᠳᠤ 《ᠢᠷᠭᠡᠨ ᠤ ᠬᠠᠤᠯᠢ ᠶᠢᠨ ᠪᠢᠴᠢᠭ᠌》᠋ ᠤᠨ ᠬᠠᠤᠯᠢ ᠲᠦᠭᠡᠮᠡᠯᠵᠢᠬᠦᠯᠬᠦ ᠤᠬᠠᠭᠤᠯᠭ᠎ᠠ ᠬᠦᠷᠭᠡᠬᠦ ᠠᠵᠢᠯᠯᠠᠭ᠎ᠠ ᠦᠷᠨᠢᠬᠦᠯᠪᠠ