ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ

ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠵᠤ᠂ ᠬᠠᠮᠳᠤ ᠶᠢᠨ ᠲᠠᠨᠢᠯᠳᠠ ᠪᠠᠨ ᠨᠡᠮᠡᠭᠳᠡᠬᠦᠯᠤᠨ᠂ ᠬᠦᠴᠤᠨ ᠶᠢᠠᠨ ᠨᠢᠭᠳᠠᠷᠠᠭᠤᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠤᠯᠠᠮ ᠨᠢᠭᠡ ᠠᠯᠬᠤᠮ ᠲᠠᠭᠡᠭᠰᠢᠯᠡᠬᠦᠯᠬᠦ ᠶᠢᠨ ᠲᠦᠯᠤᠭᠡ᠂ 7 ᠰᠠᠷ᠎ᠠ ᠶᠢᠨ1᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ᠂ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠡᠪᠠᠳᠤ᠂ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠬᠤᠷᠠᠯ ᠳᠤ ᠤᠷᠤᠯᠴᠠᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ ᠬᠤᠷᠠᠯ ᠡᠷᠬᠢᠯᠡᠪᠡ᠃

ᠬᠤᠷᠠᠯ ᠲᠠᠭᠡᠷ᠎ᠠ᠂ ᠪᠠᠶᠠᠨᠰᠠᠩ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠦᠨᠤ ᠵᠢᠯ ᠤᠨ ᠲᠠᠭᠡᠷ᠎ᠠ ᠬᠠᠭᠠᠰ ᠵᠢᠯ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠤᠯᠤᠭᠰᠨᠨ ᠠᠮᠵᠢᠯᠳᠠ ᠶᠢ ᠬᠦᠢᠴᠡᠳ ᠦᠨᠡᠯᠡᠵᠤ᠂ ᠤᠳᠤᠬᠠᠨ ᠤ ᠰᠤᠷᠳᠠᠯ ᠤᠬᠠᠭᠤᠯᠭ᠎ᠠ ᠶᠢᠨ ᠠᠵᠢᠯ ᠤᠨ ᠲᠤᠯᠭᠠᠷᠠᠵᠤ ᠪᠠᠢᠭ᠎ᠠ ᠰᠢᠨ᠎ᠡ ᠪᠠᠢᠳᠠᠯ ᠰᠢᠨ᠎ᠡ ᠡᠬᠦᠷᠭᠡ ᠶᠢ ᠰᠤᠳᠤᠯᠤᠨ ᠵᠠᠳᠠᠯᠬᠤ ᠶᠢᠨ ᠬᠠᠮᠳᠤ᠂ ᠬᠤᠢᠰᠢᠳᠠ ᠶᠢᠨ ᠭᠡᠰᠡᠭ ᠬᠤᠭᠤᠴᠠᠭᠠᠨ ᠤ ᠰᠤᠷᠳᠠᠯ ᠤᠬᠠᠭᠤᠯᠭ᠎ᠠ ᠶᠢᠨ ᠠᠵᠢᠯ ᠳᠤ ᠲᠤᠬᠢᠷᠠᠭᠤᠯᠤᠯᠳᠠ ᠪᠠᠢᠷᠢᠯᠠᠭᠤᠯᠤᠯᠳᠠ ᠬᠢᠪᠡ᠃

ᠪᠠᠶᠠᠨᠰᠠᠩ ᠱᠠᠭᠠᠷᠳᠠᠭᠰᠨᠨ ᠨᠢ᠂ ᠨᠠᠮ ᠤᠨ ᠤᠳᠤᠷᠢᠳᠤᠯᠭ᠎ᠠ ᠶᠢ ᠨᠡᠩ ᠤᠬᠠᠮᠰᠠᠷ ᠡᠴᠨ ᠪᠠᠨ ᠪᠠᠷᠢᠮᠳᠠᠯᠠᠵᠤ᠂ ᠰᠢᠨ᠎ᠡ ᠪᠠᠢᠳᠠᠯ ᠲᠤᠤᠷᠠᠬᠢ ᠰᠤᠷᠳᠠᠯ ᠤᠬᠠᠭᠤᠯᠭ᠎ᠠ ᠶᠢᠨ ᠠᠵᠢᠯ ᠳᠤ ᠢᠯᠡᠷᠡᠭᠰᠨᠨ ᠰᠢᠨ᠎ᠡ ᠪᠠᠢᠳᠠᠯ ᠰᠢᠨ᠎ᠠ ᠠᠰᠠᠭᠤᠳᠠᠯ ᠢ ᠰᠢᠨᠵᠢᠯᠡᠬᠦ ᠤᠬᠠᠭᠠᠨᠴᠢ ᠪᠡᠷ ᠵᠠᠳᠠᠯᠤᠨ ᠮᠠᠭᠠᠳᠯᠠᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠰᠤᠷᠳᠠᠯ ᠤᠬᠠᠭᠤᠯᠭ᠎ᠠ ᠶᠢᠨ ᠠᠵᠢᠯ ᠤᠨ ᠵᠢᠮ᠎ᠡ ᠶᠤᠰᠤ᠂ ᠤᠨᠴᠠᠯᠢᠭ ᠢ ᠨᠠᠷᠢᠨ ᠬᠢᠨᠠᠮᠠᠭᠠᠢ ᠰᠤᠳᠤᠯᠵᠤ ᠡᠵᠡᠮᠰᠢᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠰᠤᠷᠳᠠᠯ ᠤᠬᠠᠭᠤᠯᠭ᠎ᠠ ᠶᠢᠨ ᠤᠢᠯᠠᠭᠠᠭᠳᠠᠬᠤᠨ ᠠᠠᠷᠭᠠ ᠪᠠᠷᠢᠯ ᠢ ᠲᠠᠰᠤᠷᠠᠯᠳᠠ ᠦᠭᠡᠢ ᠰᠢᠨᠡᠳᠭᠡᠨ᠂ ᠯᠠᠪᠳᠠᠭᠤᠨ ᠪᠠᠳᠤᠳᠠᠢ ᠰᠠᠢᠳᠤᠷ ᠬᠢᠵᠤ᠂ ᠮᠠᠨ ᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠰᠢᠨ᠎ᠠ ᠪᠠᠢᠳᠠᠯ ᠢ ᠴᠢᠷᠮᠠᠢᠨ ᠡᠬᠦᠳᠬᠦ ᠭᠡᠷᠡᠭᠳᠡᠢ ᠭᠡᠵᠡᠢ᠃