ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠮᠠᠯᠵᠢᠬᠤ ᠤᠷᠤᠨ ᠳᠤ 《ᠢᠷᠭᠡᠨ ᠤ ᠬᠠᠤᠯᠢ ᠶᠢᠨ ᠪᠢᠴᠢᠭ᠌》᠋ ᠤᠨ ᠬᠠᠤᠯᠢ ᠲᠦᠭᠡᠮᠡᠯᠵᠢᠬᠦᠯᠬᠦ ᠤᠬᠠᠭᠤᠯᠭ᠎ᠠ ᠬᠦᠷᠭᠡᠬᠦ ᠠᠵᠢᠯᠯᠠᠭ᠎ᠠ ᠦᠷᠨᠢᠬᠦᠯᠪᠠ


2020 ᠤᠨ ᠤ 5 ᠰᠠᠷ᠎ᠠ ᠶᠢᠨ 28᠋ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠴᠨ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ᠌》᠋ ᠢ ᠪᠠᠳᠤᠯᠠᠵᠤ᠂ 2021ᠤᠨ ᠤ 1ᠰᠠᠷ᠎ᠠ ᠶᠢᠨ 1᠋ ᠤ ᠡᠳᠤᠷ ᠡᠴᠨ ᠡᠬᠢᠯᠡᠵᠤ ᠭᠡᠷᠡᠭᠵᠢᠬᠦᠯᠤᠨ᠎ᠡ ᠃ ᠢᠷᠭᠡᠨ ᠤ ᠬᠠᠤᠯᠢ ᠶᠢᠨ ᠪᠢᠴᠢᠭ᠌ ᠢ ᠦᠨᠡᠨᠬᠦ ᠤᠯᠠᠨ ᠲᠦᠮᠨᠨ ᠳᠤ ᠮᠡᠳᠡᠬᠦᠯᠵᠤ᠂ ᠤᠯᠨᠨ ᠲᠦᠮᠨᠨ ᠤ ᠠᠰᠢᠭ ᠲᠤᠰᠨ ᠶᠢ ᠨᠡᠩ ᠰᠠᠢᠨ ᠪᠠᠳᠤᠯᠠᠬᠤ ᠶᠢᠨ ᠲᠦᠯᠤᠭᠡ᠂ 7 ᠰᠠᠷ᠎ᠠ ᠶᠢᠨ 3᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠺᠠᠳ᠋ᠷ ᠠᠵᠢᠯᠳᠠᠨ ᠵᠠᠷᠤᠤᠨ ᠬᠤᠰᠢᠭᠤᠨ ᠤ ᠬᠤᠢᠳᠤ ᠭᠡᠰᠡᠭ ᠤᠨ ᠮᠠᠯᠵᠢᠬᠤ ᠤᠷᠤᠨ ᠤ ᠪᠦᠢᠳᠠ ᠪᠦᠭᠯᠡᠬᠦᠤ ᠮᠠᠯ ᠤᠨ ᠲᠤᠪᠤ ᠶᠢᠨ ᠮᠠᠯᠴᠢᠳ ᠲᠤ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ᠌》᠋ ᠤᠨ ᠤᠬᠠᠭᠤᠯᠭ᠎ᠠ ᠶᠢᠨ ᠭᠤᠤᠯ ᠰᠡᠳᠤᠪᠳᠤ ᠤᠢᠯᠡᠳᠤᠯᠭᠡ ᠶᠢᠨ ᠠᠵᠢᠯᠯᠠᠭ᠎ᠠ ᠦᠷᠨᠢᠬᠦᠯᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ᠂ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠡᠪᠠᠳᠤ᠂ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠪᠠᠢᠭᠤᠯᠭ᠎ᠠ ᠶᠢᠨ ᠺᠠᠳ᠋ᠷ ᠠᠵᠢᠯᠳᠠᠨ ᠪᠠ ᠦᠨᠳᠤᠰᠤᠳᠠᠨ ᠤ ᠭᠡᠷᠡᠭ ᠡᠷᠬᠢᠯᠡᠬᠦ ᠵᠦᠪᠯᠡᠯ ᠤᠨ ᠬᠠᠤᠯᠢ ᠲᠦᠭᠡᠮᠡᠯᠵᠢᠬᠦᠯᠬᠦ ᠠᠵᠢᠯᠳᠠᠳ ᠲᠤᠰ ᠠᠵᠢᠯᠯᠠᠭ᠎ᠠ ᠳᠤ ᠤᠷᠤᠯᠴᠠᠪᠠ᠃


ᠬᠠᠤᠯᠢ ᠲᠦᠭᠡᠮᠡᠯᠵᠢᠬᠦᠯᠬᠦ ᠤᠬᠠᠭᠤᠯᠭ᠎ᠠ ᠶᠢᠨ ᠡᠩᠨᠡᠭᠡ ᠶᠢ ᠲᠠᠪᠤᠨ ᠵᠢᠵᠢᠭ᠌ ᠲᠤᠭᠤᠷᠢᠯᠠᠩ ᠬᠤᠪᠢᠶᠠᠵᠤ᠂ ᠲᠤᠰᠪᠤᠷᠢ ᠪᠠᠶᠠᠷᠳᠤᠬᠤᠰᠢᠭᠤ ᠪᠠᠯᠭᠠᠰᠤᠨ ᠤ ᠦᠨᠳᠤᠷᠬᠠᠳᠠ ᠭᠠᠴᠠᠭ᠎ᠠ᠂ ᠠᠷᠤ ᠬᠦᠨᠳᠡᠯᠡᠨ ᠪᠠᠯᠭᠠᠰᠤᠨ ᠤ ᠨᠡᠬᠦᠳᠠᠯ ᠤᠷᠤᠨ ᠤ ᠬᠠᠮᠢᠶᠠᠷᠤᠯᠳᠠ ᠬᠠᠮᠠᠭᠠᠯᠠᠯᠳᠠ ᠶᠢᠨ ᠦᠷᠳᠡᠭᠡ᠂ ᠭᠡᠷᠴᠢᠯᠠᠭᠤ ᠰᠤᠮᠤ ᠶᠢᠨ ᠵᠤᠰᠠᠭᠠᠯ ᠤᠨ ᠮᠠᠯ ᠤᠨ ᠲᠤᠪᠤ ᠪᠠ ᠬᠤᠰᠢᠭᠤᠨ ᠤ ᠨᠡᠬᠦᠳᠠᠯ ᠮᠠᠯᠵᠢᠯ ᠤᠨ ᠨᠠᠮ ᠤᠨ ᠭᠡᠰᠢᠬᠦᠨ ᠤ ᠠᠵᠢᠯᠯᠠᠬᠤ ᠦᠷᠳᠡᠭᠡ ᠵᠡᠷᠭᠡ ᠭᠠᠵᠠᠷ ᠤᠨ ᠠᠵᠢᠯᠳᠠᠨ ᠪᠠ ᠮᠠᠯᠴᠢᠳ ᠲᠤ ᠮᠤᠩᠭᠤᠯ ᠤᠬᠠᠭᠤᠯᠭ᠎ᠠ ᠶᠢᠨ ᠮᠠᠲ᠋ᠸᠷᠢᠶᠠᠯ ᠪᠠ ᠬᠠᠮᠢᠶ᠎ᠠ ᠪᠦᠬᠦᠢ ᠬᠠᠤᠯᠢ ᠴᠠᠭᠠᠵᠨ ᠶᠢᠨ ᠨᠤᠮ ᠲᠠᠪᠳᠡᠷ᠂ ᠬᠠᠤᠯᠢ ᠴᠠᠭᠠᠵᠨ ᠶᠢᠨ ᠯᠠᠪᠯᠠᠯᠳᠠ ᠶᠢᠨ ᠤᠢᠯᠡᠴᠢᠯᠡᠭᠡᠨ ᠤ ᠺᠠᠷᠲ ᠵᠡᠷᠭᠡ ᠶᠢ ᠲᠠᠷᠬᠠᠭᠠᠬᠤ ᠶᠢᠨ ᠬᠠᠮᠳᠤ᠂《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ᠌》᠋ ᠤᠨ ᠴᠢᠬᠤᠯᠨ ᠠᠴᠢ ᠬᠤᠯᠪᠤᠭᠳᠠᠯ ᠪᠠ ᠭᠤᠤᠯᠳᠠᠯᠭ᠎ᠠ ᠲᠠᠢ ᠠᠭᠤᠯᠭ᠎ᠠ ᠶᠢ ᠲᠠᠢᠯᠪᠤᠷᠢᠯᠠᠵᠤ᠂ ᠤᠯᠨᠨ ᠲᠦᠮᠨᠨ ᠤ ᠠᠮᠢᠳᠤᠷᠠᠯ ᠲᠤᠮᠳᠠ ᠲᠤᠯᠭᠠᠷᠠᠭᠰᠨᠨ ᠬᠠᠤᠯᠢ ᠴᠠᠭᠠᠵᠨ ᠶᠢᠨ ᠠᠰᠠᠭᠤᠳᠠᠯ ᠢ ᠲᠤᠬᠠᠢ ᠶᠢᠨ ᠲᠠᠯᠠᠪᠤᠷ ᠲᠤ ᠨᠢᠭᠡᠳ ᠨᠢᠭᠡ ᠪᠡᠷ ᠲᠠᠢᠯᠪᠤᠷᠢᠯᠠᠨ ᠬᠠᠷᠢᠭᠤᠯᠳᠠ ᠦᠭᠪᠡ᠃

ᠲᠤᠰ ᠤᠳᠠᠭᠠᠨ ᠤ ᠠᠵᠢᠯᠯᠠᠭ᠎ᠠ ᠳᠤ ᠬᠠᠮᠢᠶ᠎ᠠ ᠪᠦᠬᠦᠢ ᠬᠠᠤᠯᠢ ᠴᠠᠭᠠᠵᠨ ᠶᠢᠨ ᠤᠬᠠᠭᠤᠯᠭ᠎ᠠ ᠶᠢᠨ ᠮᠠᠲ᠋ᠸᠷᠢᠶᠠᠯ ᠨᠡᠢᠳᠠ 600 ᠢᠯᠡᠬᠦᠤ ᠬᠤᠪᠢ ᠲᠠᠷᠬᠠᠭᠠᠵᠤ᠂ ᠤᠯᠠᠨ ᠲᠦᠮᠨᠨ ᠤ ᠬᠠᠤᠯᠢ ᠴᠠᠭᠠᠵᠨ ᠬᠠᠤᠯᠢ ᠲᠦᠷᠢᠮ ᠤᠨ ᠠᠰᠠᠭᠤᠳᠠᠯ ᠢ 10 ᠢᠯᠡᠬᠦᠤ ᠬᠦᠮᠤᠨ(ᠤᠳᠠᠭ᠎ᠠ) ᠬᠠᠷᠢᠭᠤᠯᠳᠠ ᠦᠭᠴᠤ᠂ ᠬᠤᠢᠳᠤ ᠭᠡᠰᠡᠭ ᠤᠨ ᠪᠦᠢᠳᠠ ᠪᠦᠭᠯᠡᠬᠦᠤ ᠭᠠᠵᠠᠷ ᠤᠨ ᠮᠠᠯᠴᠢᠳ ᠲᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠬᠠᠢᠷ᠎ᠠ ᠬᠠᠯᠠᠮᠵᠢ ᠶᠢ ᠬᠦᠷᠳᠡᠭᠡᠨ᠂ ᠬᠠᠤᠯᠢ ᠶᠢ ᠮᠡᠳᠡᠵᠤ ᠬᠠᠤᠯᠢ ᠶᠢ ᠤᠢᠯᠠᠭᠠᠬᠤ ᠶᠢᠨ ᠴᠢᠬᠤᠯᠨ ᠴᠢᠨᠠᠷ ᠢ ᠤᠢᠯᠠᠭᠠᠭᠤᠯᠵᠤ᠂ ᠵᠠᠷᠤᠤᠨ ᠬᠤᠰᠢᠭᠤᠨ ᠤ ᠬᠤᠢᠳᠤ ᠭᠡᠰᠡᠭ ᠤᠨ ᠮᠠᠯᠵᠢᠬᠤ ᠤᠷᠤᠨ ᠤ ᠮᠠᠯ ᠠᠵᠤ ᠠᠬᠤᠢ ᠶᠢᠨ ᠬᠦᠭᠵᠢᠯᠳᠠ ᠪᠠ ᠦᠨᠢ ᠤᠳᠠᠭᠠᠨ ᠠᠮᠤᠷ ᠲᠦᠪᠰᠢᠨ ᠪᠠᠢᠬᠤ ᠶᠢ ᠬᠠᠮᠠᠭᠠᠯᠠᠬᠤ ᠳᠤ ᠪᠠᠳᠤ ᠪᠠᠬᠢ ᠰᠠᠭᠤᠷᠢ ᠶᠢ ᠲᠠᠯᠪᠢᠭᠰᠨᠨ ᠪᠠᠢᠨ ᠡ᠃