ᠤᠳᠤ ᠶᠢᠨ ᠪᠠᠢ᠌ᠷᠢ᠄ ᠴᠢᠬᠤᠯᠠ ᠮᠡᠳᠡᠭᠡ → ᠤᠯᠠᠭᠠᠨᠬᠠᠳᠠ ᠬᠤᠳᠠ ᠶᠢᠨ ᠪᠠᠭᠠᠷᠢᠨ ᠵᠡᠬᠦᠨ᠁
ᠤᠯᠠᠭᠠᠨᠬᠠᠳᠠ ᠬᠤᠳᠠ ᠶᠢᠨ ᠪᠠᠭᠠᠷᠢᠨ ᠵᠡᠬᠦᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠰᠢᠨᠵᠢᠯᠡᠨ ᠪᠠᠢᠴᠠᠭᠠᠬᠤ ᠲᠤᠭᠤᠢᠯᠠᠩ ᠵᠠᠷᠤᠤᠨ ᠬᠤᠰᠢᠭᠤᠨ ᠤ《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠪᠠᠯᠴᠢᠭᠡᠷ ᠤᠨ ᠬᠠᠤᠯᠢ》ᠵᠢᠴᠢ ᠬᠠᠮᠢᠶ᠎ᠠ ᠪᠦᠬᠦᠢ ᠬᠠᠤᠯᠢ ᠴᠠᠭᠠᠵᠨ ᠬᠠᠤᠯᠢ ᠲᠦᠷᠢᠮ ᠢ ᠨᠠᠢᠳᠠᠪᠤᠷᠢᠵᠢᠭᠤᠯᠤᠭᠰᠨᠨ ᠪᠠᠢᠳᠠᠯ ᠢ ᠰᠤᠷᠤᠯᠴᠠᠨ ᠪᠠᠢᠴᠠᠭᠠᠪᠠ

 

        

        7 ᠰᠠᠷ᠎ᠠ ᠶᠢᠨ8᠋ ᠤ ᠡᠳᠤᠷ ᠡᠴᠨ 9᠋ ᠤ ᠡᠳᠤᠷ᠂ ᠤᠯᠠᠭᠠᠨᠬᠠᠳᠠ ᠬᠤᠳᠠ ᠶᠢᠨ ᠪᠠᠭᠠᠷᠢᠨ ᠵᠡᠬᠦᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠹᠠᠨ ᠶᠨ ᠰᠢᠤ ᠰᠤᠷᠤᠯᠴᠠᠨ ᠪᠠᠢᠴᠠᠭᠠᠬᠤ ᠲᠤᠭᠤᠢᠯᠠᠩ ᠶᠢᠠᠨ ᠲᠠᠭᠠᠭᠤᠯᠵᠤ ᠵᠠᠷᠤᠤᠨ ᠬᠤᠰᠢᠭᠤᠨ ᠤ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠪᠠᠯᠴᠢᠭᠡᠷ ᠤᠨ ᠬᠠᠤᠯᠢ》ᠵᠢᠴᠢ ᠬᠠᠮᠢᠶ᠎ᠠ ᠪᠦᠬᠦᠢ ᠬᠠᠤᠯᠢ ᠴᠠᠭᠠᠵᠨ ᠬᠠᠤᠯᠢ ᠲᠦᠷᠢᠮ ᠢ ᠨᠠᠢᠳᠠᠪᠤᠷᠢᠵᠢᠭᠤᠯᠤᠭᠰᠨᠨ ᠪᠠᠢᠳᠠᠯ ᠢ ᠰᠤᠷᠤᠯᠴᠠᠨ ᠪᠠᠢᠴᠠᠭᠠᠪᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠰᠦᠩ ᠯᠢᠶᠠᠨ ᠡᠾᠦ᠋ᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠪᠠ᠃

        


        
             ᠰᠢᠨᠵᠢᠯᠡᠨ ᠪᠠᠢᠴᠠᠭᠠᠬᠤ ᠲᠤᠭᠤᠢᠯᠠᠩ ᠤᠷᠢᠳ ᠬᠤᠵᠢᠳ ᠠᠷᠤ ᠬᠦᠨᠳᠡᠯᠡᠨ ᠪᠠᠯᠭᠠᠰᠤᠨ ᠤ ᠵᠠᠭᠤᠨ ᠮᠤ ᠪᠠᠢᠭᠠᠯᠢ ᠶᠢᠨ ᠲᠠᠯ᠎ᠠ ᠨᠤᠳᠤᠭ ᠤᠨ ᠴᠡᠴᠡᠷᠯᠢᠭ ᠤᠨ ᠲᠦᠷᠤᠯ ᠵᠤᠢᠯ ᠤᠨ ᠤᠷᠤᠨ᠂ ᠪᠠᠶᠠᠨᠳᠠᠯ᠎ᠠ ᠰᠤᠮᠤ ᠶᠢᠨ ᠠᠮᠢ ᠠᠬᠤᠢ ᠶᠢᠨ ᠶᠡᠷᠤᠩᠭᠡᠢᠯᠡᠨ ᠵᠠᠰᠠᠬᠤ ᠲᠦᠷᠤᠯ ᠵᠤᠢᠯ ᠤᠨ ᠤᠷᠤᠨ ᠵᠡᠷᠭᠡ ᠭᠠᠵᠠᠷ ᠲᠤ ᠬᠦᠷᠴᠤ᠂ ᠲᠤᠷᠰᠢᠯᠭ᠎ᠠ ᠪᠠᠨ ᠲᠠᠨᠢᠯᠴᠠᠭᠤᠯᠬᠤ ᠶᠢ ᠰᠤᠨᠤᠰᠬᠤ᠂ ᠲᠤᠬᠠᠢ ᠶᠢᠨ ᠭᠠᠵᠠᠷ ᠲᠤ ᠠᠰᠠᠭᠤᠨ ᠯᠠᠪᠯᠠᠵᠤ ᠪᠠᠢᠴᠠᠭᠠᠨ ᠦᠵᠡᠬᠦ ᠵᠡᠷᠭᠡ ᠭᠡᠯᠪᠡᠷᠢ ᠪᠠᠷ ᠲᠠᠮᠵᠢᠨ᠂ ᠵᠠᠷᠤᠤᠨ ᠬᠤᠰᠢᠭᠤᠨ ᠤ ᠮᠠᠯᠵᠢᠬᠤ ᠶᠢ ᠴᠠᠭᠠᠵᠠᠯᠠᠵᠤ ᠬᠠᠰᠢᠶᠠᠯᠠᠨ ᠲᠠᠵᠢᠭᠡᠬᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠬᠠᠳᠤᠯᠠᠩ ᠪᠡᠯᠴᠢᠭᠡᠷ ᠢ ᠵᠦᠢ ᠵᠤᠬᠢᠰᠳᠠᠢ ᠠᠰᠢᠭᠯᠠᠬᠤ᠂ ᠮᠠᠯ ᠠᠵᠤ ᠠᠬᠤᠢ ᠶᠢᠨ ᠠᠵᠤ ᠤᠢᠯᠡᠰ ᠤᠨ ᠪᠦᠳᠤᠴᠨ ᠶᠢᠨ ᠲᠤᠬᠢᠷᠠᠭᠤᠯᠤᠯᠳᠠ ᠵᠡᠷᠭᠡ ᠪᠠᠢᠳᠠᠯ ᠢ ᠨᠠᠷᠢᠨ ᠤᠢᠯᠠᠭᠠᠪᠠ᠃

        


        
             ᠰᠢᠨᠵᠢᠯᠡᠨ ᠪᠠᠢᠴᠠᠭᠠᠬᠤ ᠲᠤᠭᠤᠢᠯᠠᠩ ᠡᠴᠨ ᠵᠠᠷᠤᠤᠨ ᠬᠤᠰᠢᠭᠤᠨ ᠤ ᠮᠠᠯᠵᠢᠬᠤ ᠶᠢ ᠴᠠᠭᠠᠵᠠᠯᠠᠵᠤ ᠬᠠᠰᠢᠶᠠᠯᠠᠨ ᠲᠠᠵᠢᠭᠡᠬᠦ᠂ ᠪᠠᠯᠴᠢᠭᠡᠷ ᠬᠠᠳᠤᠯᠠᠩ ᠢ ᠵᠦᠢ ᠵᠤᠬᠢᠰᠳᠠᠢ ᠠᠰᠢᠭᠯᠠᠬᠤ ᠵᠡᠷᠭᠡ ᠡᠯ᠎᠎ᠠ ᠲᠠᠯ᠎ᠠ ᠶᠢᠨ ᠤᠯᠤᠭᠰᠨᠨ ᠠᠮᠵᠢᠯᠳᠠ ᠶᠢ ᠦᠨᠳᠤᠷ ᠦᠨᠡᠯᠡᠬᠦ ᠶᠢᠨ ᠬᠠᠮᠳᠤ᠂ ᠲᠤᠰ ᠤᠳᠠᠭᠠᠨ ᠤ ᠰᠤᠷᠤᠯᠴᠠᠨ ᠪᠠᠢᠴᠠᠭᠠᠬᠤ ᠪᠡᠷ ᠠᠵᠨ ᠲᠤᠬᠢᠶᠠᠯ ᠪᠤᠯᠭᠠᠵᠤ᠂ ᠬᠠᠷᠢᠯᠴᠠᠭ᠎ᠠ ᠰᠤᠯᠢᠯᠴᠠᠭ᠎ᠠ ᠪᠠᠨ ᠲᠠᠰᠤᠷᠠᠯᠳᠠ ᠦᠭᠡᠢ ᠴᠢᠩᠭᠠᠳᠬᠠᠨ᠂ ᠬᠤᠶᠠᠷ ᠭᠠᠵᠠᠷ ᠤᠨ ᠠᠵᠤ ᠠᠬᠤᠢ ᠨᠡᠢᠭᠡᠮ ᠤᠨ ᠴᠢᠨᠠᠷ ᠰᠠᠢᠳᠠᠢ ᠬᠦᠭᠵᠢᠯᠳᠠ ᠪᠠ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠠᠬᠢᠨ ᠰᠢᠨ᠎ᠡ ᠲᠡᠭᠳᠡᠷ ᠲᠤ ᠭᠠᠷᠬᠤ ᠶᠢ ᠠᠬᠢᠭᠤᠯᠤᠨ᠎ᠡ ᠭᠡᠵᠤ ᠢᠯᠡᠷᠭᠡᠢᠯᠡᠵᠡᠭᠡᠪᠡ᠃


ᠡᠮᠦᠨᠡᠬᠢ᠄ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠮᠠᠯᠵᠢᠬᠤ ᠤᠷᠤᠨ ᠳᠤ 《ᠢᠷᠭᠡᠨ ᠤ ᠬᠠᠤᠯᠢ ᠶᠢᠨ ᠪᠢᠴᠢᠭ᠌》᠋ ᠤᠨ ᠬᠠᠤᠯᠢ ᠲᠦᠭᠡᠮᠡᠯᠵᠢᠬᠦᠯᠬᠦ ᠤᠬᠠᠭᠤᠯᠭ᠎ᠠ ᠬᠦᠷᠭᠡᠬᠦ ᠠᠵᠢᠯᠯᠠᠭ᠎ᠠ ᠦᠷᠨᠢᠬᠦᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ ᠬᠤᠳᠠᠯᠳᠤᠨ ᠠᠪᠬᠤ ᠬᠠᠤᠯᠢ》᠋ ᠶᠢ ᠲᠤᠭᠤᠰᠢᠯᠠᠭᠤᠯᠤᠨ ᠭᠡᠷᠡᠭᠵᠢᠬᠦᠯᠦᠭᠰᠨᠨ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠪᠡ