ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠡᠴᠨ ᠵᠤᠬᠢᠶᠠᠨ ᠪᠠᠢᠭᠤᠯᠵᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠭᠤᠴᠠᠭᠠᠨ ᠤ ᠰᠦᠯᠵᠢᠶᠠᠨ ᠬᠠᠷᠠᠭᠠᠨ ᠲᠠᠪᠳᠡᠮᠵᠢ ᠶᠢᠨ ᠰᠤᠷᠤᠯᠴᠠᠯᠭ᠎ᠠ ᠶᠢᠨ ᠠᠩᠬᠢ ᠶᠢᠨ ᠲᠠᠢᠯᠤᠮᠵᠢ ᠶᠢ ᠬᠦᠯᠢᠶᠠᠨ ᠠᠪᠴᠤ ᠦᠵᠡᠪᠡ

7 ᠰᠠᠷ᠎ᠠ ᠶᠢᠨ 6᠋ ᠤ ᠡᠳᠤᠷ᠂ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠠᠯᠪᠠᠨ ᠲᠢᠩᠬᠢᠮ᠂ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠦᠪᠯᠡᠯ ᠭᠤᠤᠯ ᠡᠷᠬᠢᠯᠡᠨ ᠶᠠᠪᠤᠭᠳᠠᠭᠤᠯᠤᠭᠰᠨᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠭᠤᠴᠠᠭᠠᠨ ᠤ ᠰᠦᠯᠵᠢᠶᠠᠨ ᠬᠠᠷᠠᠭᠠᠨ ᠲᠠᠪᠳᠠᠮᠵᠢ ᠶᠢᠨ ᠰᠤᠷᠤᠯᠴᠠᠯᠭ᠎ᠠ ᠶᠢᠨ ᠬᠢᠴᠢᠶᠡᠯᠯᠡᠭᠡ ᠡᠬᠢᠯᠡᠪᠡ᠂ ᠲᠤᠰ ᠤᠳᠠᠭᠠᠨ ᠤ ᠰᠦᠯᠵᠢᠶᠠᠨ ᠬᠠᠷᠠᠭᠠᠨ ᠲᠠᠪᠳᠠᠮᠵᠢ ᠶᠢᠨ ᠰᠤᠷᠤᠯᠴᠠᠯᠭ᠎ᠠ ᠪᠤᠯ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠢᠵᠢᠭ᠌ ᠤᠨ ᠪᠠᠢᠳᠠᠯ ᠬᠢᠭᠡᠳ ᠬᠢᠵᠢᠭ᠌ ᠢ ᠪᠠᠢᠩᠭᠤ ᠰᠡᠷᠭᠡᠢᠯᠡᠨ ᠡᠵᠡᠮᠳᠡᠬᠦ ᠱᠠᠭᠠᠷᠳᠠᠯᠭ᠎ᠠ ᠳᠤ ᠵᠤᠬᠢᠴᠠᠭᠤᠯᠤᠭᠰᠨᠨ ᠲᠤᠬᠢᠷᠠᠭᠤᠯᠤᠯᠳᠠ ᠪᠤᠯᠤᠨ᠎ᠡ᠃ ᠰᠦᠯᠵᠢᠶᠠᠨ ᠲᠠᠭᠡᠷᠡᠬᠢ ᠰᠤᠷᠤᠯᠴᠠᠯᠭ᠎ᠠ ᠪᠠ ᠰᠦᠯᠵᠢᠶᠠᠨ ᠡᠴᠨ ᠭᠠᠳᠠᠨᠠᠬᠢ ᠰᠤᠷᠤᠯᠴᠠᠯᠭ᠎ᠠ ᠪᠤᠯᠪᠠᠰᠤᠷᠠᠯ ᠤᠨ ᠤᠷᠭᠠᠨᠢᠭ ᠨᠢᠭᠡᠳᠤᠯ ᠢ ᠠᠬᠢᠭᠤᠯᠬᠤ ᠶᠢᠨ ᠲᠦᠯᠤᠭᠡ᠂ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠡᠴᠨ ᠠᠯᠤᠰ ᠡᠵᠡᠮᠰᠢᠯᠳᠤ ᠰᠦᠯᠵᠢᠶᠠᠨ ᠰᠤᠷᠤᠯᠴᠠᠯᠭ᠎ᠠ ᠪᠤᠯᠪᠠᠰᠤᠷᠠᠯ ᠢ ᠢᠳᠡᠪᠬᠢᠳᠠᠢ ᠰᠦᠪᠡᠭᠴᠢᠯᠠᠡ ᠦᠷᠨᠢᠬᠦᠯᠵᠤ᠂ ᠲᠦᠯᠤᠭᠡᠯᠡᠭᠴᠢᠳ ᠤᠨ ᠰᠤᠷᠤᠯᠴᠠᠯᠭ᠎ᠠ ᠪᠤᠯᠪᠠᠰᠤᠷᠠᠯ ᠤᠨ ᠭᠡᠷᠡᠭᠴᠡᠭᠡ ᠱᠠᠭᠠᠷᠳᠠᠯᠭ᠎ᠠ ᠶᠢ ᠨᠡᠨᠭ᠌ ᠰᠠᠢᠨ ᠶᠢᠠᠷ ᠬᠠᠩᠭᠠᠭᠰᠨᠨ ᠪᠠᠢᠨ᠎ᠡ᠃

ᠲᠤᠰ ᠰᠤᠷᠤᠯᠴᠠᠯᠭ᠎ᠠ ᠶᠢᠨ ᠠᠩᠬᠢ ᠨᠢ《ᠢᠷᠭᠡᠨ ᠤ ᠬᠠᠤᠯᠢ ᠶᠢᠨ ᠪᠢᠴᠢᠭ᠌ ᠤᠨ ᠭᠤᠤᠯ ᠲᠦᠷᠢᠮ ᠬᠢᠭᠡᠳ ᠰᠢᠨ᠎ᠡ ᠶᠢ ᠡᠬᠦᠳᠬᠦ》ᠲᠤᠰᠬᠠᠢ ᠰᠡᠳᠤᠪᠳᠤ ᠰᠢᠭᠤᠤᠨ ᠨᠡᠪᠳᠡᠷᠡᠬᠦᠯᠭᠡ ᠶᠢ 4 ᠬᠢᠴᠢᠶᠠᠯ ᠲᠤᠬᠢᠷᠠᠭᠤᠯᠵᠤ᠂ ᠲᠤᠰᠪᠤᠷᠢ ᠪᠦᠬᠦ ᠤᠯᠤᠰ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠦᠪᠯᠡᠯ ᠪᠠ ᠢᠷᠭᠡᠨ ᠤ ᠬᠠᠤᠯᠢ ᠶᠢᠨ ᠪᠢᠴᠢᠭ᠌ ᠢ ᠨᠠᠢᠷᠠᠭᠤᠯᠬᠤ ᠠᠵᠢᠯ ᠤᠨ ᠲᠤᠰᠬᠠᠢ ᠠᠩᠬᠢ ᠶᠢᠨ ᠪᠦᠷᠢᠯᠳᠤᠬᠦᠨ ᠭᠡᠰᠢᠬᠦᠨ ᠡᠴᠨ《ᠢᠷᠭᠡᠨ ᠤ ᠬᠠᠤᠯᠢ ᠶᠢᠨ ᠪᠢᠴᠢᠭ᠌ ᠤᠨ ᠭᠤᠤᠯ ᠲᠦᠷᠢᠮ ᠬᠢᠭᠡᠳ ᠰᠢᠨ᠎ᠡ ᠶᠢ ᠡᠬᠦᠳᠬᠦ》《ᠤᠷᠤᠭ ᠭᠡᠷ ᠪᠦᠯᠢ ᠶᠢᠨ ᠠᠩᠬᠢᠯᠡᠯ ᠤᠨ ᠭᠤᠤᠯ ᠲᠦᠷᠢᠮ ᠬᠢᠭᠡᠳ ᠰᠢᠨ᠎ᠡ ᠶᠢ ᠡᠬᠦᠳᠬᠦ》《ᠪᠤᠳᠠᠰ ᠤᠨ ᠡᠷᠭᠡ ᠶᠢᠨ ᠠᠩᠬᠢᠯᠡᠯ᠂ ᠵᠠᠯᠭᠠᠮᠵᠢᠯᠠᠬᠤ ᠠᠩᠬᠢᠯᠡᠯ ᠤᠨ ᠭᠤᠤᠯ ᠲᠦᠷᠢᠮ ᠬᠢᠭᠡᠳ ᠰᠢᠨ᠎ᠡ ᠶᠢ ᠡᠬᠦᠳᠬᠦ》《ᠭᠡᠷ᠎ᠠ ᠶᠢᠨ ᠠᠩᠬᠢᠯᠡᠯ᠂ ᠬᠦᠮᠤᠨ ᠤ ᠨᠠᠷᠠ ᠬᠦᠨᠳᠤ ᠶᠢᠨ ᠡᠷᠭᠡ ᠶᠢᠨ ᠠᠩᠬᠢᠯᠡᠯ᠂ ᠡᠷᠭᠡ ᠳᠤ ᠬᠠᠯᠳᠠᠭᠰᠨᠨ ᠬᠠᠷᠢᠭᠤᠴᠠᠯᠭ᠎ᠠ ᠶᠢᠨ ᠠᠩᠬᠢᠯᠡᠯ ᠤᠨ ᠭᠤᠤᠯ ᠲᠦᠷᠢᠮ ᠬᠢᠭᠡᠳ ᠰᠢᠨ᠎ᠡ ᠶᠢ ᠡᠬᠦᠳᠬᠦ》ᠵᠡᠷᠭᠡ 2 ᠡᠳᠤᠷ ᠤᠨ ᠬᠢᠴᠢᠶᠡᠯᠯᠡᠭᠡ ᠬᠢᠪᠡ᠃

ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠰᠤᠷᠤᠯᠴᠠᠯᠭ᠎ᠠ ᠶᠢᠨ ᠱᠠᠭᠠᠷᠳᠠᠯᠭ᠎ᠠ ᠶᠤᠰᠤᠭᠠᠷ᠂ ᠲᠠᠷᠨ ᠲᠤᠤᠷ᠎ᠠ ᠨᠢ ᠬᠤᠰᠢᠭᠤᠨ ᠤ ᠡᠯ᠎ᠠ ᠱᠠᠳᠤᠨ ᠤ ᠠᠷᠠᠳ ᠤᠨ ᠲᠦᠯᠤᠭᠡᠯᠡᠭᠴᠢ ᠳᠤ ᠮᠡᠳᠡᠭᠳᠡᠵᠤ ᠭᠠᠷ ᠤᠳᠠᠰᠤ ᠪᠡᠷ ᠬᠦᠯᠢᠶᠠᠨ ᠠᠪᠴᠤ ᠦᠵᠡᠬᠦ ᠶᠢᠨ ᠬᠠᠮᠳᠤ᠂ ᠪᠠᠢᠭᠤᠯᠭ᠎ᠠ ᠶᠢᠨ ᠺᠠᠳ᠋ᠷ ᠠᠵᠢᠯᠳᠠᠠ ᠢ ᠵᠤᠬᠢᠶᠠᠨ ᠪᠠᠢᠭᠤᠯᠵᠤ ᠬᠦᠯᠢᠶᠠᠨ ᠠᠪᠴᠤ ᠦᠵᠡᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ᠂ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠠᠪᠠᠳᠤ᠂ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ 30 ᠢᠯᠡᠬᠦᠤ ᠬᠦᠮᠤᠰ ᠰᠤᠷᠤᠯᠴᠠᠯᠭ᠎ᠠ ᠳᠤ ᠤᠷᠤᠯᠴᠠᠪᠠ᠃


ᠲᠤᠰ ᠤᠳᠠᠭᠠᠨ ᠤ ᠠᠯᠤᠰ ᠡᠵᠡᠮᠰᠢᠯᠳᠤ ᠰᠦᠯᠵᠢᠶᠠᠨ ᠰᠤᠷᠤᠯᠴᠠᠯᠭ᠎ᠠ ᠪᠤᠯᠪᠠᠰᠤᠷᠠᠯ ᠨᠢ ᠲᠦᠬᠦᠮ ᠪᠦᠭᠡᠳ ᠲᠦᠷᠭᠡᠨ᠂ ᠲᠦᠯᠤᠭᠡᠯᠡᠭᠴᠢ ᠶᠢᠨ ᠰᠤᠷᠤᠯᠴᠠᠯᠭ᠎ᠠ ᠪᠤᠯᠪᠠᠰᠤᠷᠠᠯ ᠤᠨ ᠱᠠᠭᠠᠷᠳᠠᠯᠭ᠎ᠠ ᠶᠢ ᠨᠡᠩ ᠰᠠᠢᠨ ᠶᠢᠠᠷ ᠬᠠᠩᠭᠠᠨᠵᠤ᠂ ᠲᠤᠰᠬᠠᠢ ᠮᠡᠷᠭᠡᠵᠢᠯᠳᠠᠨ ᠫᠷᠤᠹᠸᠰᠰᠤᠷ ᠤᠨ ᠶᠠᠷᠢᠶ᠎ᠠ ᠤᠢᠯᠨ ᠠᠵᠢᠯᠯᠠᠭ᠎ᠠ ᠶᠢ ᠴᠠᠭ ᠲᠤᠬᠠᠢ ᠳᠤᠨᠢ ᠬᠦᠯᠢᠶᠠᠨ ᠠᠪᠤᠭᠰᠨᠨ ᠪᠦᠭᠡᠳ ᠪᠤᠯᠪᠠᠰᠤᠷᠠᠯ ᠤᠨ ᠠᠭᠤᠯᠭ᠎ᠠ ᠶᠢᠨ ᠦᠬᠦᠯᠡᠯᠳᠠ ᠨᠢ ᠤᠨᠤᠪᠴᠢᠳᠠᠢ᠂ ᠬᠦᠨ ᠬᠦᠨᠵᠡᠭᠡᠢ᠂ ᠤᠢᠯᠠᠭᠠᠮᠵᠢᠳᠠᠢ ᠪᠠᠢᠵᠤ᠂ ᠤᠨᠤᠯ ᠤᠨ ᠬᠤᠷᠢᠶᠠᠩᠭᠤᠢᠯᠠᠯ ᠲᠠᠢ ᠪᠦᠭᠡᠳ ᠭᠡᠷᠡᠭ ᠤᠨ ᠵᠢᠱᠢᠶ᠎ᠠ ᠵᠠᠳᠠᠯᠵᠤ ᠰᠢᠨᠵᠢᠯᠡᠭᠰᠨᠨ ᠶᠢᠠᠷ ᠰᠤᠷᠤᠯᠴᠠᠯᠭ᠎ᠠ ᠶᠢᠨ ᠦᠷ᠎ᠠ ᠪᠦᠳᠤᠮᠵᠢ ᠢᠯᠡᠳᠳᠠ ᠰᠠᠢᠨ᠃