ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ ᠬᠤᠳᠠᠯᠳᠤᠨ ᠠᠪᠬᠤ ᠬᠠᠤᠯᠢ》᠋ ᠶᠢ ᠲᠤᠭᠤᠰᠢᠯᠠᠭᠤᠯᠤᠨ ᠭᠡᠷᠡᠭᠵᠢᠬᠦᠯᠦᠭᠰᠨᠨ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠪᠡ

ᠤᠢᠷ᠎ᠠ ᠳᠤ᠂ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠤᠰᠬᠠᠢ ᠰᠡᠳᠤᠪᠳᠤ ᠪᠠᠢᠴᠠᠭᠠᠨ ᠰᠤᠳᠤᠯᠬᠤ ᠲᠤᠭᠤᠢᠯᠠᠩ ᠪᠠᠢᠭᠤᠯᠵᠤ᠂ ᠬᠤᠰᠢᠭᠤᠨ ᠤ ᠵᠠᠰᠠᠭ ᠤᠨ ᠶᠠᠪᠤᠳᠠᠯ ᠤᠨ ᠤᠢᠯᠡᠴᠢᠯᠡᠭᠡᠨ ᠤ ᠲᠦᠪ᠂ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠵᠢᠴᠢ ᠭᠡᠰᠡᠭ ᠰᠤᠮᠤ ᠪᠠᠯᠭᠠᠰᠤ ᠳᠤ ᠬᠦᠨᠵᠡᠭᠡᠢᠷᠡᠨ᠂《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ ᠬᠤᠳᠠᠯᠳᠤᠨ ᠠᠪᠬᠤ ᠬᠠᠤᠯᠢ》᠋ ᠶᠢ ᠲᠤᠭᠤᠰᠢᠯᠠᠭᠤᠯᠤᠨ ᠭᠡᠷᠡᠭᠵᠢᠬᠦᠯᠦᠭᠰᠨᠨ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠦᠷᠨᠢᠬᠦᠯᠬᠦ ᠶᠢᠨ ᠬᠠᠮᠳᠤ᠂ ᠬᠤᠰᠢᠭᠤᠨ ᠤ ᠵᠠᠰᠠᠭ ᠤᠨ ᠶᠠᠪᠤᠳᠠᠯ ᠤᠨ ᠤᠢᠯᠡᠴᠢᠯᠡᠭᠡᠨ ᠤ ᠲᠦᠪ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠭᠡᠰᠡᠭ ᠰᠤᠮᠤ ᠪᠠᠯᠭᠠᠰᠤ ᠶᠢᠨ ᠲᠤᠰᠬᠠᠢ ᠰᠡᠳᠤᠪᠳᠤ ᠮᠡᠳᠡᠬᠦᠯᠤᠯᠳᠠ ᠶᠢ ᠰᠤᠨᠤᠰᠪᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠪᠦ᠋ ᠮᠤᠤ ᠰᠢᠶᠠᠩ ᠵᠢᠴᠢ ᠨᠢᠭᠡ ᠪᠦᠯᠦᠭ ᠬᠤᠰᠢᠭᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠪᠠᠢᠴᠠᠭᠠᠨ ᠰᠤᠳᠤᠯᠤᠯᠳᠠ ᠳᠤ ᠤᠷᠤᠯᠴᠠᠪᠠ᠃

ᠲᠤᠰ ᠤᠳᠠᠭᠠᠨ ᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠨᠢ ᠠᠰᠠᠭᠤᠳᠠᠯ ᠶᠢᠠᠷ ᠤᠳᠤᠷᠢᠳᠤᠮᠵᠢ ᠪᠤᠯᠭᠠᠬᠤ ᠶᠢ ᠲᠤᠪᠤᠢᠯᠭᠠᠨ᠂ ᠵᠠᠰᠠᠭ ᠤᠨ ᠤᠷᠳᠤᠨ ᠤ ᠬᠤᠳᠠᠯᠳᠤᠨ ᠠᠪᠬᠤ ᠶᠠᠪᠤᠴᠨ ᠶᠢᠨ ᠶᠠᠪᠤᠭᠳᠠᠵᠤ ᠪᠠᠢᠭ᠎ᠠ ᠪᠠᠢᠳᠠᠯ ᠵᠢᠴᠢ ᠭᠡᠷ ᠪᠠᠢᠰᠢᠩ ᠤᠨ ᠵᠠᠰᠠᠯ ᠴᠢᠮᠡᠭᠯᠡᠯ᠂ ᠶᠠᠳᠠᠭᠤ ᠶᠢ ᠲᠠᠳᠬᠦᠬᠦ ᠮᠠᠰᠢᠨ ᠲᠤᠨᠤᠭᠯᠠᠯ᠂ ᠤᠷᠴᠢᠨ ᠲᠤᠭᠤᠷᠢᠨ ᠤ ᠬᠠᠮᠠᠭᠠᠯᠠᠯᠳᠠ ᠶᠢ ᠭᠡᠮᠵᠢᠨ ᠪᠠᠢᠴᠠᠭᠠᠬᠤ ᠲᠦᠬᠦᠭᠡᠷᠤᠮᠵᠢ ᠵᠡᠷᠭᠡ ᠢᠨᠵᠸᠨ᠋ᠸᠷᠢᠩ᠂ ᠡᠳ᠋ ᠪᠠᠷᠠᠭ᠎ᠠ᠂ ᠲᠤᠰᠬᠠᠢ ᠭᠡᠷᠡᠭᠯᠡᠭᠡᠨ ᠤ ᠲᠦᠬᠦᠭᠡᠷᠤᠮᠵᠢ ᠶᠢᠨ ᠲᠦᠷᠤᠯ ᠤᠨ ᠬᠤᠳᠠᠯᠳᠤᠨ ᠠᠪᠤᠭᠰᠨᠨ ᠪᠠᠢᠳᠠᠯ ᠵᠢᠴᠢ ᠭᠡᠷᠡᠭᠵᠢᠬᠦᠯᠤᠯᠳᠠ ᠶᠢᠨ ᠠᠵᠢᠯ ᠲᠤᠮᠳᠠ ᠤᠷᠤᠰᠢᠵᠤ ᠪᠠᠢᠭ᠎ᠠ ᠠᠰᠠᠭᠤᠳᠠᠯ ᠪᠠ ᠬᠦᠷᠤᠯᠴᠠᠬᠦ ᠦᠭᠡᠢ ᠲᠠᠯ᠎ᠠ ᠶᠢ ᠭᠤᠤᠯᠳᠠᠯᠭ᠎ᠠ ᠲᠠᠢ ᠤᠢᠯᠠᠭᠠᠪᠠ᠃ ᠪᠠᠢᠴᠠᠭᠠᠨ ᠰᠤᠳᠤᠯᠬᠤ ᠲᠤᠭᠤᠢᠯᠠᠩ ᠡᠴᠨ ᠵᠢᠭᠠᠵᠤ ᠭᠠᠷᠭᠠᠭᠰᠨᠨ ᠨᠢ᠂ ᠵᠠᠰᠠᠭ ᠤᠨ ᠤᠷᠳᠤᠨ ᠤ ᠬᠤᠳᠠᠯᠳᠤᠨ ᠠᠪᠬᠤ ᠬᠠᠤᠯᠢ ᠶᠢᠨ ᠤᠬᠠᠭᠤᠯᠭ᠎ᠠ ᠪᠠ ᠬᠤᠳᠠᠯᠳᠤᠨ ᠠᠪᠬᠤ ᠲᠦᠪ ᠤᠨ ᠡᠩᠨᠡᠭᠡᠨ ᠤ ᠪᠦᠳᠤᠭᠡᠨ ᠪᠠᠢᠭᠤᠯᠤᠯᠳᠠ ᠶᠢ ᠴᠢᠩᠭᠠᠳᠬᠠᠵᠤ᠂ ᠬᠤᠳᠠᠯᠳᠤᠨ ᠠᠪᠬᠤ ᠶᠠᠪᠤᠴᠨ ᠶᠢ ᠲᠦᠷᠢᠮᠵᠢᠬᠦᠯᠤᠨ᠂ ᠬᠤᠳᠠᠯᠳᠤᠨ ᠠᠪᠬᠤ ᠪᠡᠯᠨ ᠮᠦᠩᠬᠦᠨ ᠤ ᠭᠡᠷᠡᠭᠯᠡᠯᠳᠠ ᠶᠢᠨ ᠦᠷ᠎ᠠ ᠪᠦᠳᠤᠮᠵᠢ ᠶᠢ ᠲᠠᠭᠡᠭᠰᠢᠯᠡᠬᠦᠯᠵᠤ᠂ ᠤᠯᠤᠰ ᠤᠷᠤᠨ ᠤ ᠠᠰᠢᠭ ᠲᠤᠰᠨ ᠪᠠ ᠨᠡᠢᠭᠡᠮ ᠨᠡᠢᠳᠠ ᠶᠢᠨ ᠠᠰᠢᠭ ᠲᠤᠰᠨ ᠶᠢ ᠪᠦᠬᠦ ᠲᠠᠯ᠎ᠠ ᠪᠡᠷ ᠰᠠᠢᠳᠤᠷ ᠬᠠᠮᠠᠭᠠᠯᠠᠬᠤ ᠭᠡᠷᠡᠭᠳᠡᠢ ᠭᠡᠵᠡᠢ᠃