ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳᠠ ᠶᠢᠨ ᠠᠷᠠᠳ ᠤᠨ ᠲᠦᠯᠤᠭᠡᠯᠡᠭᠴᠢᠳ ᠤᠨ᠁
ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠨ ᠰᠤᠳᠤᠯᠵᠤ ᠦᠨᠡᠯᠡᠬᠦ ᠲᠤᠭᠤᠢᠯᠠᠩ ᠮᠠᠨ ᠤ ᠬᠤᠰᠢᠭᠤᠨ ᠳᠤ ᠢᠷᠡᠵᠤ ᠪᠠᠢᠴᠠᠭᠠᠨ ᠰᠤᠳᠤᠯᠵᠤ ᠦᠨᠡᠯᠡᠯᠳᠠ ᠦᠷᠨᠢᠬᠦᠯᠪᠡ


        7 ᠰᠠᠷ᠎ᠠ ᠶᠢᠨ 16᠋ ᠤ ᠡᠳᠤᠷ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠡᠢᠭᠡᠮ ᠤᠨ ᠪᠦᠳᠤᠭᠡᠨ ᠪᠠᠢᠭᠤᠯᠤᠯᠳᠠ ᠶᠢᠨ ᠠᠵᠢᠯ ᠤᠨ ᠵᠦᠪᠯᠡᠯ ᠤᠨ ᠡᠷᠬᠢᠯᠡᠭᠴᠢ ᠴᠸᠨ ᠬᠤᠸᠨ ᠪᠠᠢᠴᠠᠭᠠᠨ ᠰᠤᠳᠤᠯᠵᠤ ᠦᠨᠡᠯᠡᠬᠦ ᠲᠤᠭᠤᠢᠯᠠᠩ ᠶᠢᠠᠨ ᠲᠠᠭᠠᠭᠤᠯᠵᠤ ᠮᠠᠨ ᠤ ᠬᠤᠰᠢᠭᠤᠨ ᠳᠤ ᠢᠷᠡᠵᠤ᠂ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠢᠭᠡᠮ ᠤᠨ ᠪᠠᠳᠤᠯᠠᠭ᠎ᠠ ᠶᠢᠨ ᠠᠵᠢᠯ ᠳᠤ ᠪᠠᠢᠴᠠᠭᠠᠨ ᠰᠤᠳᠤᠯᠵᠤ ᠦᠨᠡᠯᠡᠯᠳᠠ ᠬᠢᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ᠂ ᠲᠠᠳ᠋ ᠬᠤᠰᠢᠭᠤᠨ ᠲᠠᠷᠤᠭ᠎ᠠ ᠦᠨᠡᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠳᠠᠨ ᠪᠠᠷ᠎ᠠ ᠪᠤᠯᠤᠨ ᠪᠠᠢᠴᠠᠭᠠᠨ ᠰᠤᠳᠤᠯᠤᠯᠳᠠ ᠬᠢᠪᠡ᠃

        
             ᠪᠠᠢᠴᠠᠭᠠᠨ ᠰᠤᠳᠤᠯᠬᠤ ᠲᠤᠭᠤᠢᠯᠠᠩ ᠤᠨ ᠬᠢᠨ ᠤᠯᠠᠭᠠᠨᠬᠠᠳᠠ ᠰᠤᠮᠤ ᠶᠢᠨ ᠬᠤᠩᠬᠠᠳᠤ ᠭᠠᠴᠠᠭᠠᠨ ᠳᠤ ᠬᠦᠷᠴᠤ ᠭᠠᠷ ᠤᠷᠠᠯᠠᠯ ᠤᠨ ᠲᠤᠰᠬᠠᠢ ᠬᠤᠷᠰᠢᠶᠠᠵᠢᠯ ᠤᠨ ᠭᠠᠳᠠᠭᠰᠢ ᠭᠠᠷᠴᠤ ᠬᠦᠴᠤ ᠶᠠᠪᠤᠬᠤ᠂ ᠠᠵᠢᠯ ᠤᠯᠭᠤᠯᠳᠠ ᠪᠡᠷ ᠶᠠᠳᠠᠭᠤ ᠶᠢ ᠲᠠᠳᠬᠦᠬᠦ ᠵᠡᠷᠭᠡ ᠠᠵᠢᠯ ᠦᠷᠨᠢᠬᠦᠯᠦᠭᠰᠨᠨ ᠪᠠᠢᠳᠠᠯ ᠢ ᠨᠠᠷᠢᠯᠢᠭ ᠤᠢᠯᠠᠭᠠᠪᠠ᠃

        
             ᠪᠤᠳᠠᠳᠠᠢ ᠭᠠᠵᠠᠷ ᠤᠨ ᠪᠠᠢᠴᠠᠭᠠᠨ ᠰᠤᠳᠤᠯᠤᠯᠳᠠ ᠲᠠᠭᠤᠰᠤᠭᠰᠨᠨ ᠤ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠤᠨ᠂ ᠲᠠᠳ᠋ ᠬᠤᠰᠢᠭᠤᠨ ᠲᠠᠷᠤᠭ᠎ᠠ ᠦᠨᠡᠨ ᠡᠴᠨ ᠦᠨᠳᠤᠰᠤᠨ ᠬᠠᠤᠯᠢ᠂ ᠬᠠᠤᠯᠢ ᠴᠠᠭᠠᠵᠨ᠂ ᠬᠠᠤᠯᠢ ᠲᠦᠷᠢᠮ ᠵᠢᠴᠢ 2020 ᠤᠨ ᠤ ᠡᠯ᠎ᠠ ᠲᠦᠷᠤᠯ ᠤᠨ ᠭᠤᠤᠯᠳᠠᠯᠭ᠎ᠠ ᠲᠠᠢ ᠠᠵᠢᠯ ᠢ ᠲᠤᠭᠤᠰᠢᠯᠠᠭᠤᠯᠤᠨ ᠭᠡᠷᠡᠭᠵᠢᠬᠦᠯᠦᠭᠰᠨᠨ ᠪᠠᠢᠳᠠᠯ ᠤᠨ ᠲᠤᠭᠤᠷᠢᠨ ᠳᠤ᠂ ᠪᠦᠬᠦ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠢᠭᠡᠮ  ᠤᠨ ᠪᠠᠳᠤᠯᠠᠭ᠎ᠠ ᠶᠢᠨ ᠠᠵᠢᠯ ᠦᠷᠨᠢᠬᠦᠯᠦᠭᠰᠨᠨ ᠪᠠᠢᠳᠠᠯ ᠤᠨ ᠲᠤᠬᠠᠢ ᠮᠡᠳᠡᠬᠦᠯᠤᠯᠳᠠ ᠬᠢᠪᠡ᠃

        
           ᠮᠡᠳᠡᠬᠦᠯᠤᠯᠳᠠ ᠶᠢ ᠰᠤᠨᠤᠰᠤᠭᠰᠨᠨ ᠤ ᠲᠠᠷᠠᠭ᠎ᠠ ᠪᠠᠢᠴᠠᠭᠠᠨ ᠰᠤᠳᠤᠯᠬᠤ ᠲᠤᠭᠤᠢᠯᠠᠩ ᠡᠴᠨ ᠵᠢᠭᠠᠵᠤ ᠭᠠᠷᠭᠠᠭᠰᠨᠨ ᠨᠢ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠦᠬᠦ ᠬᠤᠳᠠ ᠶᠢᠨ ᠬᠦᠮᠤᠨ  ᠤ ᠬᠦᠴᠤᠨ ᠤ ᠡᠬᠢ ᠪᠠᠶᠠᠯᠢᠭ ᠪᠠ ᠨᠡᠢᠭᠡᠮ ᠤᠨ ᠪᠠᠳᠤᠯᠠᠭ᠎ᠠ ᠶᠢᠨ ᠲᠤᠪᠴᠢᠶᠠᠨ ᠤ ᠠᠵᠢᠯ ᠳᠤ ᠦᠨᠡᠯᠡᠯᠳᠠ ᠬᠢᠬᠦ ᠪᠤᠯ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠢᠨᠠᠯᠳᠠ ᠲᠠᠯᠪᠢᠬᠤ ᠡᠬᠦᠷᠭᠡ ᠴᠢᠳᠠᠪᠬᠢ ᠶᠢᠨ ᠤᠢᠯᠡᠳᠤᠯ ᠶᠢᠠᠨ ᠴᠢᠩᠭᠠᠳᠬᠠᠵᠤ᠂ ᠬᠢᠨᠠᠯᠳᠠ ᠲᠠᠯᠪᠢᠬᠤ ᠬᠦᠴᠤᠯᠡᠴᠨ ᠪᠠᠨ ᠴᠢᠩᠭᠠᠷᠠᠭᠤᠯᠬᠤ ᠴᠢᠬᠤᠯᠨ ᠠᠴᠢᠶᠠᠯᠠᠪᠤᠷᠢ ᠪᠤᠯᠤᠨ᠎ᠡ᠃ ᠡᠯ᠎ᠠ ᠭᠠᠵᠠᠷ ᠤᠷᠤᠨ ᠠᠵᠢᠯ ᠤᠨ ᠦᠨᠡᠯᠡᠯᠳᠠ ᠬᠢᠬᠦ ᠶᠢᠨ ᠵᠤᠷᠢᠯᠭ᠎ᠠ ᠪᠠ ᠠᠴᠢ ᠬᠤᠯᠪᠤᠭᠳᠠᠯ ᠢ ᠵᠦᠪ ᠶᠢᠠᠷ ᠲᠠᠨᠢᠵᠤ᠂ ᠰᠠᠨᠠᠭᠠᠴᠢᠯᠠᠭ᠎ᠠ  ᠡᠴᠨ ᠪᠠᠨ ᠦᠪᠡᠷ ᠶᠢᠠᠨ ᠪᠠᠢᠴᠠᠭᠠᠵᠤ ᠦᠪᠡᠷ ᠶᠢᠠᠨ ᠵᠠᠯᠠᠷᠠᠭᠤᠯᠬᠤ ᠶᠢ ᠦᠷᠨᠢᠬᠦᠯᠤᠨ᠂ ᠪᠦᠬᠦ ᠲᠠᠯ᠎ᠠ ᠪᠡᠷ᠂ ᠪᠤᠰᠤᠳᠴᠢ᠂ ᠲᠦᠪ ᠭᠤᠤᠯᠴᠢ ᠪᠡᠷ ᠠᠵᠢᠯ ᠶᠢᠠᠨ ᠳᠦᠢ᠌ᠩᠨᠡᠵᠤ᠂ ᠬᠦᠷᠤᠯᠴᠡᠬᠦ ᠦᠭᠡᠢ ᠲᠠᠯ᠎ᠠ ᠪᠠᠨ ᠡᠷᠢᠨ᠂ ᠨᠠᠷᠢᠨ ᠬᠢᠨᠠᠮᠠᠭᠠᠢ ᠡᠷᠬᠢᠴᠡᠬᠦᠯᠵᠤ ᠪᠤᠳᠤᠨ᠂ ᠦᠪᠡᠷ ᠤᠨ ᠪᠠᠶ᠎ᠠ ᠪᠠᠨ ᠵᠠᠳᠠᠯᠤᠨ ᠰᠢᠨᠵᠢᠯᠡᠵᠤ᠂ ᠠᠰᠠᠭᠤᠳᠠᠯ ᠲᠠᠯᠭᠡᠨ᠂ ᠰᠢᠯᠳᠠᠭᠠᠨ ᠢ ᠨᠢ ᠡᠷᠢᠵᠤ᠂ ᠠᠷᠭ᠎ᠠ ᠠᠪᠴᠠᠯ ᠲᠤᠭᠳᠠᠭᠠᠨ᠂ ᠰᠢᠢᠳᠪᠤᠷᠢᠯᠡᠬᠦ ᠴᠢᠬᠤᠯᠨ ᠲᠠᠢ ᠠᠰᠠᠭᠤᠳᠠᠯ ᠶᠢᠠᠨ ᠨᠠᠷᠢᠯᠢᠭ ᠡᠮᠬᠢᠳᠭᠡᠬᠦ ᠭᠡᠷᠡᠭᠳᠡᠢ᠃ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠢᠭᠡᠮ  ᠤᠨ ᠪᠠᠳᠤᠯᠠᠭ᠎ᠠ ᠶᠢᠨ ᠰᠠᠯᠠᠭ᠎ᠠ ᠮᠦᠴᠢᠷ ᠤᠨ ᠬᠢᠨ ᠠᠵᠢᠯᠳᠠᠨ ᠤ ᠶᠠᠪᠤᠳᠠᠯ ᠤᠨ ᠴᠢᠳᠠᠪᠤᠷᠢᠳᠠᠨ ᠤ ᠶᠠᠰᠤ ᠴᠢᠨᠠᠷ ᠢ ᠲᠠᠭᠡᠭᠰᠢᠯᠡᠬᠦᠯᠬᠦ᠂ ᠲᠠᠷᠢᠶᠠᠴᠢᠨ ᠬᠦᠴᠤ ᠶᠠᠪᠤᠭᠰᠠᠳ ᠤᠨ ᠨᠤᠳᠤᠭ ᠲᠠᠭᠠᠨ ᠪᠤᠴᠠᠵᠤ ᠠᠳᠠᠯ ᠤᠢᠯᠡᠰ ᠪᠤᠰᠬᠠᠬᠤ᠂ ᠨᠡᠢᠭᠡᠮ ᠤᠨ ᠪᠠᠳᠤᠯᠠᠭ᠎ᠠ ᠶᠢᠨ ᠰᠤᠢᠳᠭᠡᠯ ᠢ ᠪᠠᠭᠤᠷᠠᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠴᠢᠷᠮᠠᠢᠨ ᠰᠠᠢᠳᠤᠷ ᠬᠢᠵᠤ᠂ ᠤᠢᠯᠡᠴᠢᠯᠡᠭᠡᠨ ᠤ ᠬᠢᠷᠢ ᠲᠦᠪᠰᠢᠨ ᠪᠠ ᠠᠵᠢᠯ ᠤᠨ ᠦᠷ᠎ᠠ ᠪᠦᠳᠤᠮᠵᠢ ᠪᠠᠨ ᠲᠠᠭᠡᠭᠰᠢᠯᠡᠬᠦᠯᠵᠤ᠂ ᠨᠡᠩ ᠰᠠᠢᠨ ᠶᠢᠠᠷ ᠤᠯᠨᠨ ᠲᠦᠮᠨᠨ ᠳᠤ ᠤᠢᠯᠡᠴᠢᠯᠡᠬᠦ ᠭᠡᠷᠡᠭᠳᠡᠢ᠃ ᠲᠤᠰ ᠤᠳᠠᠭᠠᠨ ᠤ ᠪᠠᠢᠴᠠᠭᠠᠨ ᠰᠤᠳᠤᠯᠵᠤ ᠦᠨᠡᠯᠡᠯᠳᠠ ᠬᠢᠬᠦ ᠪᠡᠷ ᠠᠵᠨ ᠲᠤᠬᠢᠶᠠᠯ ᠪᠤᠯᠭᠠᠵᠤ᠂ ᠠᠰᠠᠭᠤᠳᠠᠯ ᠶᠢᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠦᠨᠡᠯᠡᠯᠳᠠ ᠬᠢᠬᠦ ᠳᠤ ᠢᠯᠡᠷᠡᠬᠦᠯᠦᠭᠰᠨᠨ ᠠᠰᠠᠭᠤᠳᠠᠯ ᠢ ᠲᠠᠷᠤᠢ ᠳᠤᠨᠢ ᠭᠡᠷᠡᠭᠵᠢᠬᠦᠯᠤᠨ ᠲᠠᠷᠤᠢ ᠳᠤᠨᠢ ᠵᠠᠯᠠᠷᠠᠭᠤᠯᠵᠤ᠂ ᠴᠡᠭᠴᠡᠯᠡᠨ ᠦᠭᠡᠷᠡᠴᠢᠯᠡᠵᠤ ᠨᠠᠢᠳᠠᠪᠤᠷᠢᠵᠢᠭᠤᠯᠬᠤ ᠶᠢ ᠦᠨᠡᠨᠬᠦ ᠰᠠᠢᠳᠤᠷ ᠠᠳᠬᠤᠨ᠂ ᠦᠨᠡᠯᠡᠯᠳᠠ ᠬᠢᠬᠦ ᠠᠵᠢᠯ ᠤᠨ ᠪᠤᠳᠠᠳᠠᠢ ᠠᠮᠵᠢᠯᠳᠠ ᠤᠯᠬᠤ ᠶᠢ ᠪᠠᠳᠤᠯᠠᠬᠤ ᠭᠡᠷᠡᠭᠳᠡᠢ ᠭᠡᠵᠡᠢ᠃

        
           ᠬᠤᠷᠠᠯ ᠲᠠᠭᠡᠷ᠎ᠠ᠂ ᠬᠤᠷᠠᠯ ᠳᠤ ᠤᠷᠤᠯᠴᠠᠭᠰᠠᠳ ᠨᠡᠢᠭᠡᠮ ᠤᠨ ᠪᠠᠳᠤᠯᠠᠭ᠎ᠠ᠂ ᠠᠵᠢᠯ ᠤᠯᠭᠤᠯᠳᠠ᠂ ᠠᠵᠢᠯᠳᠠᠨ ᠤ ᠶᠠᠪᠤᠳᠠᠯ ᠤᠨ ᠴᠢᠳᠠᠪᠤᠷᠢᠳᠠᠨ ᠵᠡᠷᠭᠡ ᠡᠯ᠎ᠠ ᠲᠦᠷᠤᠯ ᠤᠨ ᠠᠵᠢᠯ ᠤᠨ ᠲᠤᠭᠤᠷᠢᠨ ᠳᠤ ᠰᠠᠨᠠᠯ ᠶᠢᠠᠨ ᠰᠤᠯᠢᠯᠴᠠᠪᠠ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ 《ᠢᠷᠭᠡᠨ ᠤ ᠬᠠᠤᠯᠢ ᠶᠢᠨ ᠪᠢᠴᠢᠭ᠌》᠋ ᠤᠨ ᠲᠤᠰᠬᠠᠢ ᠰᠡᠳᠤᠪᠳᠤ ᠪᠤᠯᠪᠠᠰᠤᠷᠠᠯ ᠤᠨ ᠠᠩᠬᠢ ᠡᠷᠬᠢᠯᠡᠪᠡ
ᠳᠠᠷᠠᠭᠠᠬᠢ᠄ ᠬᠤᠳᠠ ᠬᠤᠰᠢᠭᠤ ᠬᠤᠶᠠᠷ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠬᠤᠯᠪᠤᠭᠠᠯᠠᠨ《ᠤᠭ ᠰᠠᠨᠠᠭ᠎ᠠ ᠪᠠᠨ ᠦᠯᠤ ᠮᠠᠷᠳᠠᠨ᠂ ᠤᠷᠳᠤ ᠵᠠᠮ ᠤᠨ ᠠᠶᠠᠨ ᠲᠠᠢᠨ ᠢ ᠲᠠᠬᠢᠨᠳᠠ ᠠᠶᠠᠯᠠᠵᠤ᠂ ᠦᠷᠬᠦᠯᠵᠢᠯᠡᠨ ᠤᠷᠤᠭᠰᠢᠯᠠᠵᠤ᠂ ᠡᠬᠦᠷᠢᠳᠠ ᠨᠠᠮ ᠶᠢᠠᠨ ᠲᠠᠭᠠᠨ᠎ᠡ》ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠪᠡ