ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳᠠ ᠬᠤᠰᠢᠭᠤ ᠬᠤᠶᠠᠷ ᠱᠠᠳᠤᠨ ᠤ ᠠᠷᠠᠳ ᠤᠨ᠁
ᠬᠤᠳᠠ ᠬᠤᠰᠢᠭᠤ ᠬᠤᠶᠠᠷ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠬᠤᠯᠪᠤᠭᠠᠯᠠᠨ《ᠤᠭ ᠰᠠᠨᠠᠭ᠎ᠠ ᠪᠠᠨ ᠦᠯᠤ ᠮᠠᠷᠳᠠᠨ᠂ ᠤᠷᠳᠤ ᠵᠠᠮ ᠤᠨ ᠠᠶᠠᠨ ᠲᠠᠢᠨ ᠢ ᠲᠠᠬᠢᠨᠳᠠ ᠠᠶᠠᠯᠠᠵᠤ᠂ ᠦᠷᠬᠦᠯᠵᠢᠯᠡᠨ ᠤᠷᠤᠭᠰᠢᠯᠠᠵᠤ᠂ ᠡᠬᠦᠷᠢᠳᠠ ᠨᠠᠮ ᠶᠢᠠᠨ ᠲᠠᠭᠠᠨ᠎ᠡ》ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠪᠡ


        

       7 ᠰᠠᠷ᠎ᠠ ᠶᠢᠨ 24᠋ ᠤ ᠡᠳᠤᠷ᠂ ᠲᠦᠩᠯᠢᠶᠤᠤ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠡᠴᠨ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ᠂ ᠲᠦᠩᠯᠢᠶᠤᠤ ᠬᠤᠳᠠ ᠶᠢᠨ ᠵᠢᠱᠢᠶ᠎ᠠ ᠦᠵᠡᠬᠦᠯᠬᠦ ᠴᠢᠨᠠᠷᠳᠠᠢ ᠶᠡᠷᠤᠩᠭᠡᠢᠯᠡᠭᠰᠨᠨ ᠤᠢᠯᠡᠳᠤᠯᠭᠡ ᠶᠢᠨ ᠰᠠᠭᠤᠷᠢᠨ ᠭᠠᠵᠠᠷ ᠲᠤ ᠬᠦᠷᠴᠤ᠂《ᠤᠭ ᠰᠠᠨᠠᠭ᠎ᠠ ᠪᠠᠨ ᠦᠯᠤ ᠮᠠᠷᠳᠠᠨ᠂ ᠤᠷᠳᠤ ᠵᠠᠮ ᠤᠨ ᠠᠶᠠᠨ ᠲᠠᠢᠨ ᠢ ᠲᠠᠬᠢᠨᠳᠠ ᠠᠶᠠᠯᠠᠵᠤ᠂ ᠦᠷᠬᠦᠯᠵᠢᠯᠡᠨ ᠤᠷᠤᠭᠰᠢᠯᠠᠵᠤ᠂ ᠡᠬᠦᠷᠢᠳᠠ ᠨᠠᠮ ᠶᠢᠠᠨ ᠲᠠᠭᠠᠨ᠎ᠡ》ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠪᠡ᠃ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠼᠦᠢ ᠶᠦᠩ ᠶᠤᠸᠠᠢ᠂ ᠨᠠᠷᠢᠨ ᠪᠢᠴᠢᠭ᠌ ᠤᠨ ᠲᠠᠷᠤᠭ᠎ᠠ ᠸᠠᠩ ᠯᠢ ᠡᠾᠸᠩ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ᠂ ᠡᠷᠬᠢᠯᠡᠭᠴᠢ ᠪᠠᠶᠠᠨᠰᠠᠩ᠂ ᠲᠠᠳ᠋ ᠡᠷᠬᠢᠯᠡᠭᠴᠢ ᠡᠤ ᠰᠢᠶᠤᠤ᠂ ᠦᠷᠡᠪᠠᠳᠤ᠂ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠬᠤᠳᠠ ᠬᠤᠰᠢᠭᠤ ᠬᠤᠶᠠᠷ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠺᠠᠳ᠋ᠷ ᠠᠵᠢᠯᠳᠠᠨ ᠨᠡᠢᠳᠠ 70 ᠢᠯᠡᠬᠦᠤ ᠬᠦᠮᠤᠰ ᠬᠦᠳᠡᠯᠭᠡᠭᠡᠨ ᠳᠤ ᠤᠷᠤᠯᠴᠠᠪᠠ᠃
                


        


        


        


        


        


        


        


        

       ᠬᠦᠳᠡᠯᠭᠡᠭᠡᠨ ᠳᠤ᠂ ᠪᠦᠬᠦ ᠬᠦᠮᠤᠰ ᠤᠯᠠᠭᠠᠨ ᠴᠡᠷᠢᠭ᠌ ᠤᠨ ᠬᠤᠪᠴᠠᠰᠤ ᠡᠮᠤᠰᠤᠨ᠂ ᠴᠡᠷᠢᠭ᠌ ᠤᠨ ᠮᠠᠯᠠᠭᠠᠢ ᠵᠡᠬᠦᠵᠤ᠂《ᠽᠦᠨ ᠢ ᠶᠢᠨ ᠬᠤᠷᠠᠯᠳᠤᠭᠠᠨ》《ᠯᠤ ᠌᠌ᠳ᠋ᠢᠩ ᠴᠢᠶᠤᠤ ᠬᠦᠭᠦᠷᠭᠡ ᠶᠢ ᠪᠤᠯᠢᠶᠠᠨ ᠠᠪᠤᠭᠰᠨᠨ ᠨᠢ》《ᠡᠪᠡᠰᠤᠳᠤ ᠲᠠᠯ᠎ᠠ ᠪᠡᠷ ᠦᠩᠭᠡᠷᠡᠬᠦ》《ᠲᠠᠢᠨ ᠤ ᠲᠠᠯᠠᠪᠤᠷ ᠤᠨ ᠠᠪᠤᠷᠠᠯᠳᠠ》《ᠴᠠᠰᠤᠳᠤ ᠠᠭᠤᠯᠨ ᠶᠢ ᠠᠪᠠᠷᠢᠬᠤ》《ᠶᠡᠭᠡ ᠴᠡᠷᠢᠭ᠌ ᠤᠨ ᠠᠭᠤᠯᠵᠠᠯᠳᠠ》 ᠵᠡᠷᠭᠡ ᠤᠯᠠᠨ ᠲᠦᠷᠤᠯ ᠤᠨ ᠲᠠᠭᠤᠷᠢᠶᠠᠮᠠᠯ ᠠᠵᠢᠯᠯᠠᠭ᠎ᠠ ᠵᠢᠴᠢ ᠬᠤᠪᠢᠰᠬᠠᠯ ᠤᠨ ᠰᠤᠶᠤᠯ ᠤᠨ ᠤᠷᠳᠤᠨ ᠢ ᠲᠤᠭᠤᠷᠢᠨ ᠦᠵᠡᠬᠦ ᠭᠡᠯᠪᠡᠷᠢ ᠪᠡᠷ ᠤᠷᠳᠤ ᠵᠠᠮ ᠤᠨ ᠠᠶᠠᠨ ᠲᠠᠢᠨ ᠤ ᠵᠤᠷᠢᠭ ᠰᠠᠨᠠᠭ᠎ᠠ ᠶᠢ ᠰᠤᠷᠤᠯᠴᠠᠨ ᠤᠢᠯᠡᠳᠤᠯᠭᠡᠵᠢᠬᠦᠯᠵᠤ᠂ ᠬᠤᠪᠢᠰᠬᠠᠯ ᠤᠨ ᠦᠵᠡᠯ ᠰᠠᠨᠠᠭᠠᠨ ᠤ ᠤᠬᠢᠶᠠᠯ ᠢ ᠲᠠᠬᠢᠨᠳᠠ ᠬᠦᠷᠳᠡᠵᠤ᠂ ᠨᠠᠮ ᠤᠨ ᠭᠡᠰᠢᠬᠦᠨ ᠺᠠᠳ᠋ᠷ ᠢ ᠵᠢᠯᠤᠭᠤᠳᠤᠨ ᠬᠦᠮᠤᠵᠢᠬᠦᠯᠵᠤ ᠨᠡᠮᠴᠢ ᠴᠢᠨᠠᠷ ᠢ ᠪᠠᠳᠤ ᠪᠠᠬᠢ ᠪᠤᠢ ᠪᠤᠯᠭᠠᠨ᠂ ᠢᠳᠡᠭᠡᠯ ᠪᠢᠰᠢᠷᠠᠯ ᠶᠢᠠᠨ ᠪᠠᠳᠤᠳᠬᠠᠵᠤ᠂ ᠤᠪᠤᠷ ᠰᠤᠷᠳᠠᠯ ᠶᠢᠠᠨ ᠬᠤᠪᠢᠷᠠᠭᠤᠯᠤᠨ᠂ ᠰᠢᠷᠭᠠᠭᠤ ᠬᠠᠳᠠᠭᠤᠵᠢᠯᠳᠠᠢ ᠠᠵᠢᠯᠯᠠᠬᠤ ᠬᠦᠮᠤᠵᠢᠯ ᠬᠦᠷᠳᠡᠪᠡ᠃

         


        
             ᠴᠠᠭ ᠠᠭᠤᠷ ᠠᠭᠠᠬᠢᠮ᠎ᠠ ᠬᠠᠯᠠᠭᠤᠨ ᠪᠤᠯᠪᠠᠴᠤ ᠤᠯᠠᠨ ᠶᠢᠠᠷ ᠶᠢᠠᠨ ᠮᠦᠨ ᠯᠨ ᠤᠷᠬᠢᠯᠤᠮ᠎ᠡ ᠬᠠᠯᠠᠭᠤᠨ ᠰᠡᠳᠬᠢᠯᠭᠡ ᠲᠠᠢ᠂ ᠴᠤᠭ ᠵᠢᠪᠬᠤᠭ᠎ᠠ ᠪᠠᠳᠠᠷᠠᠩᠭᠤᠢ ᠪᠠᠢᠵᠤ᠂ ᠠᠵᠢᠯᠯᠠᠭ᠎ᠠ ᠶᠢᠨ ᠲᠤᠮᠳᠠ ᠪᠦᠬᠦ ᠺᠠᠳ᠋ᠷ ᠠᠵᠢᠯᠳᠠᠨ ᠬᠤᠪᠢᠰᠬᠠᠯ ᠤᠨ ᠠᠬᠠᠮᠠᠳ ᠦᠶ᠎ᠠ ᠶᠢᠨ ᠬᠢᠨ ᠤ ᠬᠠᠳᠠᠭᠤᠵᠢᠯᠳᠠᠢ ᠲᠠᠮᠡᠴᠡᠬᠦ ᠤᠷᠳᠤ ᠵᠠᠮ ᠤᠨ ᠠᠶᠠᠨ ᠲᠠᠢᠨ ᠤ ᠵᠤᠷᠢᠭ ᠰᠠᠨᠠᠭ᠎ᠠ ᠶᠢ ᠪᠠᠶᠡᠴᠢᠯᠡᠨ ᠤᠢᠯᠠᠭᠠᠪᠠ᠃ ᠪᠦᠬᠦ ᠨᠠᠮ ᠤᠨ ᠭᠡᠰᠢᠬᠦᠨ ᠺᠠᠳ᠋ᠷ ᠠᠵᠢᠯᠳᠠᠨ ᠡᠴᠨ ᠤᠭ ᠰᠠᠨᠠᠭ᠎ᠠ ᠪᠠᠨ ᠦᠯᠤ ᠮᠠᠷᠳᠠᠨ᠂ ᠦᠷᠬᠦᠯᠵᠢᠯᠡᠨ ᠤᠷᠤᠭᠰᠢᠯᠠᠵᠤ᠂ ᠵᠤᠷᠢᠯᠳᠠ ᠶᠢᠨ ᠦᠵᠡᠯ ᠤᠬᠠᠮᠰᠠᠷ ᠢ ᠪᠠᠳᠤ ᠪᠠᠬᠢ ᠪᠤᠢ ᠪᠤᠯᠭᠠᠵᠤ᠂ ᠡᠬᠦᠷᠭᠡ ᠲᠤᠰᠢᠶᠠᠯ ᠶᠢᠠᠨ ᠬᠢᠴᠢᠶᠡᠩᠬᠦᠢᠯᠡᠨ ᠬᠦᠢᠴᠡᠳᠭᠡᠵᠤ᠂ ᠴᠢᠷᠮᠠᠢᠨ ᠠᠵᠢᠯᠯᠠᠵᠤ᠂ ᠪᠤᠳᠠᠳᠤ ᠠᠵᠢᠯᠯᠠᠭ᠎ᠠ ᠪᠡᠷ ᠶᠢᠠᠨ ᠨᠠᠮ ᠶᠢᠠᠨ ᠡᠬᠦᠷᠢᠳᠠ ᠲᠠᠭᠠᠬᠤ ᠢᠳᠡᠭᠡᠯ ᠵᠤᠷᠢᠭ ᠶᠢᠠᠨ ᠢᠯᠡᠳᠭᠡᠨ᠂ ᠤᠷᠳᠤ ᠵᠠᠮ ᠤᠨ ᠠᠶᠠᠨ ᠲᠠᠢᠨ ᠤ ᠵᠤᠷᠢᠭ ᠰᠠᠨᠠᠭ᠎ᠠ ᠶᠢ ᠠᠵᠢᠯ ᠤᠨ ᠬᠦᠳᠡᠯᠭᠡᠬᠦ ᠬᠦᠴᠤᠨ ᠪᠤᠯᠭᠠᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠡᠯ᠎ᠠ ᠲᠦᠷᠤᠯ ᠤᠨ ᠠᠵᠢᠯ ᠢ ᠲᠠᠬᠢᠨᠳᠠ ᠰᠢᠨ᠎ᠡ ᠨᠢᠭᠡᠨ ᠲᠡᠭᠳᠡᠷ ᠲᠤ ᠭᠠᠷᠭᠠᠬᠤ ᠶᠢ ᠲᠠᠰᠤᠷᠠᠯᠳᠠ ᠦᠭᠡᠢ ᠠᠬᠢᠭᠤᠯᠤᠨ᠎ᠡ ᠭᠡᠵᠤ ᠢᠯᠡᠷᠭᠡᠢᠯᠡᠵᠡᠭᠡᠪᠡ᠃


ᠡᠮᠦᠨᠡᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠨ ᠰᠤᠳᠤᠯᠵᠤ ᠦᠨᠡᠯᠡᠬᠦ ᠲᠤᠭᠤᠢᠯᠠᠩ ᠮᠠᠨ ᠤ ᠬᠤᠰᠢᠭᠤᠨ ᠳᠤ ᠢᠷᠡᠵᠤ ᠪᠠᠢᠴᠠᠭᠠᠨ ᠰᠤᠳᠤᠯᠵᠤ ᠦᠨᠡᠯᠡᠯᠳᠠ ᠦᠷᠨᠢᠬᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ ᠪᠠᠶᠠᠷᠳᠤᠬᠤᠰᠢᠭᠤ ᠪᠠᠯᠭᠠᠰᠤᠨ ᠤ ᠤᠳᠤᠬᠠᠨ ᠤ ᠭᠤᠤᠯᠳᠠᠯᠭ᠎ᠠ ᠲᠠᠢ ᠠᠵᠢᠯ ᠢ ᠪᠠᠢᠴᠠᠭᠠᠨ ᠵᠢᠯᠤᠭᠤᠳᠪᠠ