ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠪᠦᠬᠦ ᠬᠤᠰᠢᠭᠤᠨ ᠤ ᠡᠮ ᠡᠮᠨᠡᠯᠭᠡ ᠶᠢᠨ ᠠᠵᠢᠯᠳᠠᠨ ᠤ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠪᠡ


        

       7 ᠰᠠᠷ᠎ᠠ ᠶᠢᠨ 30᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠦᠷᠡᠪᠠᠳᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠰᠤᠶᠤᠯ ᠡᠷᠡᠬᠦᠯ ᠬᠠᠮᠠᠭᠠᠯᠠᠯ ᠤᠨ ᠠᠵᠢᠯ ᠤᠨ ᠵᠦᠪᠯᠡᠯ ᠤᠨ ᠬᠠᠷᠢᠭᠤᠴᠠᠯᠭᠠᠳᠠᠨ ᠵᠢᠴᠢ ᠭᠡᠰᠡᠭ ᠠᠷᠠᠳ ᠤᠨ ᠲᠦᠯᠤᠭᠡᠯᠡᠭᠴᠢ ᠶᠢ ᠲᠠᠭᠠᠭᠤᠯᠤᠨ ᠪᠦᠬᠦ ᠬᠤᠰᠢᠭᠤᠨ ᠤ ᠡᠮ ᠡᠮᠨᠡᠯᠭᠡ ᠶᠢᠨ ᠠᠵᠢᠯᠳᠠᠨ ᠤ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠪᠡ᠃ ᠬᠤᠰᠢᠭᠤᠨ ᠤ ᠵᠠᠰᠠᠭ ᠤᠨ ᠤᠷᠳᠤᠨ ᠤ ᠲᠠᠳ᠋ ᠬᠤᠰᠢᠭᠤᠨ ᠲᠠᠷᠤᠭ᠎ᠠ ᠶᠠᠩ ᠼᠠᠢ ᠰᠢᠶᠠ ᠵᠢᠴᠢ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ᠂ ᠯᠦᠪᠸᠢ ᠪᠠᠯᠭᠠᠰᠤᠨ ᠤ ᠨᠡᠢᠭᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠤᠢᠯᠡᠴᠢᠯᠡᠭᠡᠨ ᠤ ᠲᠦᠪ ᠤᠨ ᠭᠤᠤᠯ ᠬᠠᠷᠢᠭᠤᠴᠠᠯᠭᠠᠳᠠᠨ ᠪᠠᠢᠴᠠᠭᠠᠨ ᠰᠤᠳᠤᠯᠤᠯᠳᠠ ᠳᠤ ᠤᠷᠤᠯᠴᠠᠪᠠ᠃

        
              ᠪᠠᠢᠴᠠᠭᠠᠨ ᠰᠤᠳᠤᠯᠬᠤ ᠲᠤᠭᠤᠢᠯᠠᠩ ᠤᠷᠢᠳ ᠬᠤᠵᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ᠂ ᠯᠦᠪᠸᠢ ᠪᠠᠯᠭᠠᠰᠤᠨ ᠤ ᠨᠡᠢᠭᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠤᠢᠯᠡᠴᠢᠯᠡᠭᠡᠨ ᠤ ᠲᠦᠪ ᠵᠡᠷᠭᠡ ᠪᠤᠳᠠᠳᠠᠢ ᠭᠠᠵᠠᠷ ᠶᠢᠠᠷ ᠪᠤᠳᠠᠳᠠᠢ ᠪᠠᠢᠴᠠᠭᠠᠨ ᠰᠤᠳᠤᠯᠤᠯᠳᠠ ᠬᠢᠵᠤ᠂ ᠰᠠᠭᠤᠳᠠᠯ  ᠤᠨ ᠬᠤᠷᠠᠯ ᠬᠤᠷᠠᠯᠳᠤᠭᠤᠯᠬᠤ᠂ ᠮᠡᠳᠡᠬᠦᠯᠤᠯᠳᠠ ᠰᠤᠨᠤᠰᠬᠤ᠂ ᠪᠤᠳᠠᠳᠠᠢ ᠭᠠᠵᠠᠷ ᠲᠤ ᠪᠠᠢᠴᠠᠭᠠᠨ ᠦᠵᠡᠬᠦ ᠵᠡᠷᠭᠡ ᠭᠡᠯᠪᠡᠷᠢ ᠪᠡᠷ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠢᠭᠤᠯᠭ᠎ᠠ ᠶᠢᠨ ᠬᠠᠳᠠᠭᠤ ᠲᠤᠨᠤᠭ ᠲᠦᠬᠦᠭᠡᠷᠤᠮᠵᠢ᠂ ᠡᠮ ᠡᠮᠨᠡᠯᠭᠡ ᠶᠢᠨ ᠤᠢᠯᠡᠴᠢᠯᠡᠭᠡᠨ ᠤ ᠪᠠᠢᠳᠠᠯ ᠵᠢᠴᠢ ᠡᠮ ᠡᠮᠨᠡᠯᠭᠡ ᠶᠢᠨ ᠠᠵᠢᠯᠳᠠᠨ ᠤ ᠠᠵᠢᠯ ᠤᠨ ᠪᠠᠢᠷᠢ ᠶᠢᠨ ᠲᠤᠬᠢᠷᠠᠭᠤᠯᠤᠯᠳᠠ᠂ ᠠᠵᠢᠯ ᠤᠨ ᠤᠷᠴᠢᠨ ᠲᠤᠭᠤᠷᠢᠨ᠂ ᠬᠦᠯᠤᠰᠤ ᠤᠯᠭᠤᠮᠵᠢ ᠵᠡᠷᠭᠡ ᠪᠠᠢᠳᠠᠯ ᠢ ᠨᠠᠷᠢᠯᠢᠭ ᠤᠢᠯᠠᠭᠠᠪᠠ᠃

        
             ᠪᠠᠢᠴᠠᠭᠠᠨ ᠰᠤᠳᠤᠯᠬᠤ ᠲᠤᠭᠤᠢᠯᠠᠩ ᠡᠴᠨ ᠱᠠᠭᠠᠷᠳᠠᠭᠰᠨᠨ ᠨᠢ᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠰᠢᠰᠲ᠋ᠸᠮ ᠴᠢᠳᠠᠪᠤᠷᠢᠳᠠᠨ ᠤᠷᠢᠬᠤ ᠬᠦᠴᠤᠯᠡᠴᠨ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠮᠨᠡᠯᠭᠡ ᠶᠢᠨ ᠠᠵᠢᠯᠳᠠᠨ ᠤ ᠡᠩᠨᠡᠭᠡᠨ ᠤ ᠬᠦᠴᠤᠨ ᠢ ᠲᠠᠬᠦᠯᠳᠡᠷᠵᠢᠬᠦᠯᠬᠦ ᠭᠡᠷᠡᠭᠳᠡᠢ ᠭᠡᠵᠡᠢ᠃

         
            ᠬᠤᠷᠠᠯ ᠳᠤ ᠤᠷᠤᠯᠴᠠᠭᠰᠠᠳ ᠪᠠᠰᠨ ᠡᠮᠨᠡᠯᠭᠡ ᠶᠢᠨ ᠠᠵᠢᠯᠳᠠᠨ ᠤ ᠡᠩᠨᠡᠭᠡᠨ ᠤ ᠪᠠᠢᠭᠤᠯᠤᠯᠳᠠ ᠶᠢᠨ ᠠᠵᠢᠯ ᠢ ᠭᠡᠷᠬᠢᠨ ᠰᠠᠢᠳᠤᠷ ᠬᠢᠬᠦ ᠲᠤᠬᠠᠢ ᠰᠠᠨᠠᠯ ᠰᠠᠨᠭᠤᠯᠭ᠎ᠠ ᠲᠤᠷᠠᠳᠴᠠᠢ᠃


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ ᠪᠠᠶᠠᠷᠳᠤᠬᠤᠰᠢᠭᠤ ᠪᠠᠯᠭᠠᠰᠤᠨ ᠤ ᠤᠳᠤᠬᠠᠨ ᠤ ᠭᠤᠤᠯᠳᠠᠯᠭ᠎ᠠ ᠲᠠᠢ ᠠᠵᠢᠯ ᠢ ᠪᠠᠢᠴᠠᠭᠠᠨ ᠵᠢᠯᠤᠭᠤᠳᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠬᠤᠳᠠ ᠪᠠᠯᠭᠠᠰᠤ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢᠨ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠪᠡ