ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠬᠤᠳᠠ ᠪᠠᠯᠭᠠᠰᠤ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢᠨ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠪᠡ

7 ᠰᠠᠷ᠎ᠠ ᠶᠢᠨ 30᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠦᠷᠡᠪᠠᠳᠤ ᠬᠤᠳᠠ ᠪᠠᠯᠭᠠᠰᠤ ᠶᠢᠨ ᠪᠦᠳᠤᠭᠡᠨ ᠪᠠᠢᠭᠤᠯᠤᠯᠳᠠ ᠪᠠ ᠤᠷᠴᠢᠨ ᠲᠤᠭᠤᠷᠢᠨ ᠤ ᠡᠬᠢ ᠪᠠᠶᠠᠯᠢᠭ ᠤᠨ ᠠᠵᠢᠯ ᠤᠨ ᠵᠦᠪᠯᠡᠯ ᠤᠨ ᠬᠠᠷᠢᠭᠤᠴᠠᠯᠭᠠᠳᠠᠨ ᠵᠢᠴᠢ ᠭᠡᠰᠡᠭ ᠠᠷᠠᠳ ᠤᠨ ᠲᠦᠯᠤᠭᠡᠯᠡᠭᠴᠢ ᠶᠢ ᠲᠠᠭᠠᠭᠤᠯᠵᠤ ᠬᠤᠳᠠ ᠪᠠᠯᠭᠠᠰᠤ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢᠨ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠪᠡ᠃ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠲᠠᠳ᠋ ᠬᠤᠰᠢᠭᠤᠨ ᠸᠠᠩ ᠶᠠᠨ ᠵᠢᠶᠦ᠋ᠨ ᠵᠢᠴᠢ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠪᠠᠷ᠎ᠠ ᠪᠤᠯᠪᠠ᠃

ᠪᠠᠢᠴᠠᠭᠠᠨ ᠰᠤᠳᠤᠯᠬᠤ ᠲᠤᠭᠤᠢᠯᠠᠩ ᠤᠨ ᠬᠢᠨ ᠤᠷᠢᠳ ᠬᠤᠵᠢᠳ ᠰᠤᠷᠭᠠᠨ ᠬᠦᠮᠤᠵᠢᠯ ᠤᠨ ᠬᠦᠷᠢᠶᠠᠯᠡᠩ ᠤᠨ ᠡᠮᠤᠨᠡᠬᠢ ᠦᠭᠡᠷ ᠲᠠᠵᠢᠬᠡᠬᠦ ᠨᠡᠢᠭᠡᠮ ᠲᠤᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠢᠨᠵᠸᠨ᠋ᠸᠷᠢᠩ᠂ ᠸᠸᠨ ᠰᠢᠨ ᠰᠠᠭᠤᠭᠠᠯᠢ ᠲᠤᠭᠤᠷᠢᠭ ᠤᠨ ᠬᠤᠶᠠᠳᠤᠭᠠᠷ ᠬᠤᠭᠤᠴᠠᠭ᠎ᠠ᠂ ᠯᠦᠪᠸᠢ ᠭᠤᠤᠯ ᠤᠨ ᠶᠡᠭᠡ ᠬᠦᠬᠦᠷᠭᠡ ᠶᠢᠨ ᠪᠦᠳᠤᠭᠡᠨ ᠪᠠᠢᠭᠤᠯᠤᠯᠳᠠ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠵᠡᠷᠭᠡ ᠪᠤᠳᠠᠳᠠᠢ ᠭᠠᠵᠠᠷ ᠲᠤ ᠬᠦᠷᠴᠤ ᠬᠤᠳᠠ ᠪᠠᠯᠭᠠᠰᠤ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢᠨ ᠪᠠᠢᠳᠠᠯ ᠳᠤ ᠪᠠᠢᠴᠠᠭᠠᠯᠳᠠ ᠬᠢᠪᠡ᠃

ᠪᠤᠳᠠᠳᠠᠢ ᠭᠠᠵᠠᠷ ᠲᠤ ᠪᠠᠢᠴᠠᠭᠠᠨ ᠰᠤᠳᠤᠯᠤᠯᠳᠠ ᠲᠠᠭᠤᠰᠤᠭᠰᠨᠨ ᠤ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠤᠨ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠲᠠᠳ᠋ ᠬᠤᠰᠢᠭᠤᠨ ᠲᠠᠷᠤᠭ᠎ᠠ ᠸᠠᠩ ᠶᠠᠨ ᠵᠢᠶᠦ᠋ᠨ ᠡᠴᠨ ᠮᠠᠨ ᠤ ᠬᠤᠰᠢᠭᠤᠨ ᠤ ᠬᠤᠳᠠ ᠪᠠᠯᠭᠠᠰᠤ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢᠨ ᠪᠠᠢᠳᠠᠯ ᠶᠢᠨ ᠲᠤᠬᠠᠢ ᠮᠡᠳᠡᠬᠦᠯᠤᠯᠳᠠ ᠬᠢᠪᠡ᠃ ᠪᠠᠢᠴᠠᠭᠠᠨ ᠰᠤᠳᠤᠯᠬᠤ ᠲᠤᠭᠤᠢᠯᠠᠩ ᠤᠨ ᠬᠢᠨ ᠡᠴᠨ ᠱᠠᠭᠠᠷᠳᠠᠭᠰᠨᠨ ᠨᠢ᠂ ᠬᠠᠷᠢᠭᠤᠴᠠᠯᠭᠠᠳᠤ ᠰᠡᠳᠬᠢᠯᠭᠡ ᠪᠠ ᠪᠠᠴᠢᠮ ᠲᠤᠯᠭᠠᠮ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠨᠨ ᠲᠦᠮᠨᠨ ᠤ ᠬᠠᠮᠤᠭ ᠠᠩᠬᠠᠷᠴᠤ ᠪᠠᠢᠭ᠎ᠠ ᠠᠰᠢᠭ ᠲᠤᠰᠨ ᠶᠢᠨ ᠠᠰᠠᠭᠤᠳᠠᠯ ᠢ ᠰᠠᠢᠳᠤᠷ ᠰᠢᠳᠳᠪᠤᠷᠢᠯᠡᠬᠦ ᠭᠡᠷᠡᠭᠳᠡᠢ ᠭᠡᠵᠡᠢ᠃
ᠬᠤᠷᠠᠯ ᠳᠤ ᠤᠷᠤᠯᠴᠠᠭᠰᠠᠳ ᠪᠠᠰᠨ ᠬᠤᠳᠠ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢᠨ ᠠᠵᠢᠯ ᠢ ᠭᠡᠷᠬᠢᠨ ᠰᠠᠢᠳᠤᠷ ᠬᠢᠬᠦ ᠲᠤᠬᠠᠢ ᠰᠤᠳᠤᠯᠤᠨ ᠶᠠᠷᠢᠯᠴᠠᠵᠤ ᠰᠤᠯᠢᠯᠴᠠᠪᠠ᠃