ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠡᠴᠨ ᠵᠤᠬᠢᠶᠠᠨ ᠪᠠᠢᠭᠤᠯᠵᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠭᠤᠴᠠᠭᠠᠨ ᠤ ᠰᠦᠯᠵᠢᠶᠠᠨ ᠤ ᠬᠠᠷᠠᠭᠠᠨ ᠲᠠᠪᠳᠡᠮᠵᠢ ᠶᠢᠨ ᠰᠤᠷᠤᠯᠴᠠᠯᠭ᠎ᠠ ᠶᠢᠨ ᠠᠩᠬᠢ ᠶᠢᠨ ᠲᠠᠢᠯᠤᠮᠵᠢ ᠶᠢ ᠬᠦᠯᠢᠶᠠᠨ ᠠᠪᠴᠤ ᠦᠵᠡᠪᠡ


7 ᠰᠠᠷ᠎ᠠ ᠶᠢᠨ 31᠋ ᠤ ᠡᠳᠤᠷ᠂ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠠᠯᠪᠠᠨ ᠲᠢᠩᠬᠢᠮ᠂ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠷᠴᠢᠨ ᠲᠤᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠳᠠ ᠶᠢᠨ ᠵᠦᠪᠯᠡᠯ ᠡᠴᠨ ᠭᠤᠤᠯᠯᠠᠨ ᠡᠷᠬᠢᠯᠡᠭᠰᠨᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠭᠤᠴᠠᠭᠠᠨ ᠤ ᠰᠦᠯᠵᠢᠶᠠᠨ ᠬᠠᠷᠠᠭᠠᠨ ᠲᠠᠪᠳᠠᠮᠵᠢ ᠶᠢᠨ ᠰᠤᠷᠤᠯᠴᠠᠯᠭ᠎ᠠ ᠶᠢᠨ ᠠᠩᠬᠢ ᠶᠢᠨ ᠬᠢᠴᠢᠶᠡᠯᠯᠡᠭᠡ ᠡᠬᠢᠯᠡᠪᠡ᠂ ᠲᠤᠰ ᠤᠳᠠᠭᠠᠨ ᠤ ᠰᠦᠯᠵᠢᠶᠠᠨ ᠬᠠᠷᠠᠭᠠᠨ ᠲᠠᠪᠳᠠᠮᠵᠢ ᠶᠢᠨ ᠰᠤᠷᠤᠯᠴᠠᠯᠭ᠎ᠠ ᠨᠢ《 ᠦᠵᠡᠰᠬᠦᠯᠡᠩᠳᠤ ᠰᠠᠢᠬᠠᠨ ᠲᠤᠮᠳᠠᠳᠤ ᠤᠯᠤᠰ ᠤᠨ ᠪᠦᠳᠤᠭᠡᠨ ᠪᠠᠢᠭᠤᠯᠤᠯᠳᠠ》᠋ ᠪᠡᠷ ᠲᠤᠰᠬᠠᠢ ᠰᠡᠳᠤᠪ ᠪᠤᠯᠭᠠᠵᠤ᠂ ᠬᠤᠶᠠᠷ ᠤᠳᠠᠭᠠᠨ ᠤ ᠰᠢᠭᠤᠤᠨ ᠨᠡᠪᠳᠡᠷᠡᠬᠦᠯᠭᠡ ᠶᠢ ᠲᠤᠬᠢᠷᠠᠭᠤᠯᠤᠭᠰᠨᠨ ᠪᠠᠢᠨ᠎ᠡ᠃ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠤᠷᠴᠢᠨ ᠲᠤᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠳᠠ ᠶᠢᠨ ᠵᠦᠪᠯᠡᠯ ᠤᠨ ᠲᠠᠳ᠋ ᠡᠷᠬᠢᠯᠡᠭᠴᠢ ᠳ᠋ᠸᠤ ᠱᠤ ᠬᠤᠸᠠ ᠪᠠ ᠴᠸᠩ ᠯᠢ ᠹᠸᠩ《ᠰᠢ ᠵᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠸᠮ ᠢ ᠪᠠᠷᠢᠮᠳᠠᠯᠠᠨ ᠲᠠᠬᠦᠯᠳᠡᠷᠵᠢᠬᠦᠯᠤᠶᠠ》《ᠬᠠᠤᠯᠢ ᠴᠠᠭᠠᠵᠨ ᠶᠢᠨ ᠬᠢᠨᠠᠯᠳᠠ ᠶᠢ ᠴᠢᠩᠭᠠᠳᠬᠠᠵᠤ᠂ ᠠᠮᠢ ᠠᠬᠤᠢ ᠶᠢᠨ ᠪᠤᠯᠪᠠᠰᠤᠨ ᠤ ᠪᠠᠢᠭᠤᠯᠤᠯᠳᠠ ᠶᠢᠨ ᠬᠠᠤᠯᠢ ᠴᠠᠭᠠᠵᠨ ᠶᠢᠨ ᠲᠦᠷᠢᠮ ᠤᠨ ᠪᠦᠳᠤᠮᠵᠢᠳᠠᠢ ᠭᠡᠷᠡᠭᠵᠢᠬᠦᠯᠦᠭᠳᠡᠬᠦ ᠶᠢ ᠠᠬᠢᠭᠤᠯᠤᠶ᠎ᠠ》᠋ ᠭᠡᠬᠦ ᠬᠢᠴᠢᠶᠡᠯᠯᠡᠭᠡ ᠬᠢᠪᠡ᠃

ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠰᠤᠷᠤᠯᠴᠠᠯᠭ᠎ᠠ ᠶᠢᠨ ᠱᠠᠭᠠᠷᠳᠠᠯᠭ᠎ᠠ ᠶᠤᠰᠤᠭᠠᠷ᠂ ᠲᠠᠷᠨ ᠲᠤᠤᠷ᠎ᠠ ᠨᠢ ᠪᠠᠢᠭᠤᠯᠭ᠎ᠠ ᠶᠢᠨ ᠺᠠᠳ᠋ᠷ ᠠᠵᠢᠯᠳᠠᠠ ᠢ ᠵᠤᠬᠢᠶᠠᠨ ᠪᠠᠢᠭᠤᠯᠵᠤ ᠬᠦᠯᠢᠶᠠᠨ ᠠᠪᠴᠤ ᠦᠵᠡᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ᠂ ᠲᠠᠳ᠋ ᠡᠷᠬᠢᠯᠡᠭᠴᠢ ᠪᠦ᠋ ᠮᠤᠤ ᠰᠢᠶᠠᠩ᠂ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ 30 ᠢᠯᠡᠬᠦᠤ ᠬᠦᠮᠤᠰ ᠤᠷᠤᠯᠴᠠᠪᠠ᠃

ᠰᠤᠷᠤᠯᠴᠠᠯᠭ᠎ᠠ ᠳᠤ ᠤᠷᠤᠯᠴᠠᠭᠰᠨᠨ ᠨᠦᠬᠦᠤᠨ᠂ ᠬᠤᠢᠰᠢᠳᠠ ᠶᠢᠨ ᠠᠵᠢᠯ ᠪᠠ ᠠᠮᠢᠳᠤᠷᠠᠯ ᠲᠤᠮᠳᠠ ᠰᠢ ᠵᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭᠠᠨ ᠤ ᠠᠭᠤᠯᠬᠤᠨ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠬᠦᠮᠤᠨ ᠬᠢᠭᠡᠳ ᠪᠠᠢᠭᠠᠯᠢ ᠶᠢᠨ ᠡᠶ᠎ᠠ ᠵᠤᠬᠢᠴᠠᠯ ᠲᠠᠢ ᠬᠠᠮᠳᠤ ᠤᠷᠤᠰᠢᠬᠤ ᠪᠠᠢᠭᠠᠯᠢ ᠶᠢᠨ ᠠᠮᠢ ᠠᠬᠤᠢ ᠶᠢᠨ ᠦᠵᠡᠯᠳᠠ᠂ ᠬᠦᠭᠡᠮᠳᠦᠭ ᠨᠤᠭᠤᠭᠠᠨ ᠠᠭᠤᠯᠨ ᠤᠰᠤ ᠪᠤᠯ ᠠᠯᠳᠠ ᠮᠦᠩᠬᠦᠨ ᠠᠭᠤᠯᠨ ᠮᠦᠨ ᠭᠡᠬᠦ ᠬᠦᠭᠵᠢᠯᠳᠠ ᠶᠢᠨ ᠤᠢᠯᠠᠭᠠᠭᠳᠠᠬᠤᠨ ᠢ ᠬᠦᠨᠵᠡᠭᠡᠢ ᠡᠵᠡᠮᠰᠢᠨ᠂ ᠬᠠᠮᠢᠶ᠎ᠠ ᠪᠦᠬᠦᠢ ᠬᠠᠤᠯᠢ ᠴᠠᠭᠠᠵᠨ ᠬᠠᠤᠯᠢ ᠲᠦᠷᠢᠮ ᠤᠨ ᠰᠤᠷᠤᠯᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠢᠳᠡᠪᠬᠢᠳᠠᠢ ᠤᠷᠤᠭᠰᠢᠯᠠᠵᠤ᠂ ᠠᠮᠢ ᠠᠬᠤᠢ ᠶᠢᠨ ᠤᠷᠴᠢᠨ ᠲᠤᠭᠤᠷᠢᠨ ᠤ ᠡᠬᠢ ᠪᠠᠶᠠᠯᠢᠭ ᠤᠨ ᠬᠠᠮᠭᠠᠯᠠᠯᠳᠠ ᠶᠢᠨ ᠠᠵᠢᠯ ᠢ ᠯᠠᠪᠳᠠᠭᠤᠨ ᠰᠠᠢᠳᠤᠷ ᠬᠢᠵᠤ᠂ ᠦᠵᠡᠰᠬᠦᠯᠡᠩᠳᠤ ᠰᠠᠢᠬᠠᠨ ᠵᠠᠷᠤᠤᠨ ᠤᠨ ᠪᠦᠳᠤᠭᠡᠨ ᠪᠠᠢᠭᠤᠯᠤᠯᠳᠠ ᠳᠤ ᠬᠤᠪᠢ ᠨᠡᠮᠡᠷᠢ ᠪᠠᠨ ᠦᠵᠡᠬᠦᠯᠤᠨ᠎ᠡ ᠭᠡᠵᠤ ᠢᠯᠡᠷᠭᠡᠢᠯᠡᠵᠡᠭᠡᠪᠡ᠃