ᠤᠳᠤ ᠶᠢᠨ ᠪᠠᠢ᠌ᠷᠢ᠄ ᠴᠢᠬᠤᠯᠠ ᠮᠡᠳᠡᠭᠡ → ᠬᠢᠩᠭᠠᠨ ᠠᠢᠮᠠᠭ ᠤᠨ ᠬᠤᠷᠴᠢᠨ ᠪᠠᠷᠠᠭᠤᠨ᠁
ᠬᠢᠩᠭᠠᠨ ᠠᠢᠮᠠᠭ ᠤᠨ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠢᠨ ᠮᠠᠨ ᠤ ᠬᠤᠰᠢᠭᠤᠨ ᠳᠤ ᠢᠷᠡᠵᠤ ᠲᠤᠭᠤᠷᠢᠨ ᠰᠤᠷᠤᠯᠴᠠᠭᠰᠨᠨ ᠨᠢ


        


        


        

       8 ᠰᠠᠷ᠎ᠠ ᠶᠢᠨ 6᠋ ᠤ ᠡᠳᠤᠷ᠂ ᠬᠢᠩᠭᠠᠨ ᠠᠢᠮᠠᠭ ᠤᠨ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠭᠧᠩ ᠹᠦ᠋ ᠵᠦᠩ᠂ ᠪᠠᠢ ᠲᠢᠶᠸ ᠵᠤᠸᠠᠩ ᠲᠤᠭᠤᠷᠢᠨ ᠰᠤᠷᠤᠯᠴᠠᠬᠤ ᠪᠦᠯᠬᠦᠮ ᠶᠢᠠᠨ ᠲᠠᠭᠠᠭᠤᠯᠤᠨ ᠮᠠᠨ ᠤ ᠬᠤᠰᠢᠭᠤᠨ ᠳᠤ ᠢᠷᠡᠵᠤ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠠᠷᠠᠳ ᠤᠨ ᠲᠦᠯᠤᠭᠡᠯᠡᠭᠴᠢ ᠪᠢᠯᠸᠲ ᠦᠭᠴᠤ ᠪᠠᠳᠤᠯᠬᠤ ᠲᠦᠷᠢᠮ ᠤᠨ ᠠᠵᠢᠯ᠂ ᠡᠳ᠋ ᠤᠨ ᠵᠠᠰᠠᠭ ᠠᠵᠤ ᠠᠬᠤᠢ ᠶᠢᠨ ᠲᠦᠰᠤᠪ ᠲᠤ ᠰᠦᠯᠵᠢᠶ᠎ᠠ ᠪᠡᠷ ᠬᠢᠨᠠᠯᠳᠠ ᠲᠠᠯᠪᠢᠬᠤ ᠠᠵᠢᠯ ᠪᠠ ᠠᠵᠢᠯᠳᠠᠨ ᠤ ᠶᠠᠪᠤᠳᠠᠯ ᠤᠨ ᠲᠦᠯᠤᠭᠡᠯᠡᠭᠴᠢ ᠶᠢᠨ ᠠᠵᠢᠯ ᠢ ᠲᠤᠭᠤᠷᠢᠨ ᠰᠤᠷᠤᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠦᠪᠯᠡᠯ᠂ ᠰᠤᠩᠭᠤᠭᠤᠯᠢ ᠶᠢᠨ ᠶᠠᠪᠤᠳᠠᠯ ᠤᠨ ᠬᠠᠷᠢᠯᠴᠠᠬᠤ ᠠᠵᠢᠯ ᠤᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠪᠠᠷ᠎ᠠ ᠪᠤᠯᠪᠠ᠃

        
              ᠲᠤᠭᠤᠷᠢᠨ ᠰᠤᠷᠤᠯᠴᠠᠬᠤ ᠲᠤᠭᠤᠢᠯᠠᠩ ᠤᠨ ᠬᠢᠨ ᠤᠷᠢᠳ ᠬᠤᠵᠢᠳ ᠰᠢᠶᠠᠩᠱᠠᠨ ᠪᠠᠯᠭᠠᠰᠤᠨ ᠤ ᠲᠦᠯᠤᠭᠡᠯᠡᠭᠴᠢ ᠶᠢᠨ ᠭᠡᠷ ᠪᠦᠯᠢ ᠪᠠ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠤᠨ ᠲᠤᠭᠤᠷᠢᠭ᠂ ᠬᠤᠰᠢᠭᠤᠨ ᠤ ᠮᠤᠩᠭᠤᠯ ᠡᠮ ᠡᠮᠨᠡᠯᠭᠡ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢᠨ ᠢᠨᠵᠸᠨ᠋ᠸᠷᠢᠩ ᠤᠨ ᠲᠦᠷᠤᠯ ᠵᠤᠢᠯ ᠤᠨ ᠲᠤᠭᠤᠷᠢᠭ ᠵᠡᠷᠭᠡ ᠭᠠᠵᠠᠷ ᠶᠢᠠᠷ ᠬᠦᠷᠴᠤ᠂ ᠰᠠᠭᠤᠳᠠᠯ ᠤᠨ ᠬᠤᠷᠠᠯ ᠬᠤᠷᠠᠯᠳᠤᠭᠤᠯᠬᠤ᠂ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠤᠨᠤᠰᠬᠤ᠂ ᠪᠤᠳᠠᠳᠠᠢ ᠭᠠᠵᠠᠷ ᠲᠤ ᠠᠰᠠᠭᠤᠨ ᠯᠠᠪᠯᠠᠵᠤ ᠲᠤᠭᠤᠷᠢᠨ ᠦᠵᠡᠬᠦ ᠭᠡᠯᠪᠡᠷᠢ ᠪᠡᠷ ᠲᠠᠮᠵᠢᠭᠤᠯᠤᠨ᠂ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠠᠷᠠᠳ ᠤᠨ ᠲᠦᠯᠤᠭᠡᠯᠡᠭᠴᠢ ᠪᠢᠯᠸᠲ ᠦᠭᠴᠤ ᠪᠠᠳᠤᠯᠠᠬᠤ ᠡᠯ᠎ᠠ ᠭᠤᠭᠴᠤᠭ᠎ᠠ ᠶᠢᠨ ᠠᠷᠭ᠎ᠠ ᠬᠢᠳᠠᠯ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠲᠠᠯᠪᠢᠬᠤ ᠠᠵᠢᠯ ᠤᠨ ᠲᠤᠷᠰᠢᠯᠭ᠎ᠠ᠂ ᠠᠷᠠᠳ ᠤᠨ ᠲᠦᠯᠤᠭᠡᠯᠡᠭᠴᠢ ᠬᠦᠴᠤᠨ ᠨᠡᠮᠡᠷᠢᠯᠡᠭᠰᠨᠨ ᠲᠦᠷᠤᠯ ᠵᠤᠢᠯ ᠤᠨ ᠭᠡᠷᠡᠭᠵᠢᠬᠦᠯᠤᠯᠳᠠ ᠶᠢᠨ ᠪᠠᠢᠳᠠᠯ᠂ ᠲᠠᠩᠰᠨ ᠡᠪᠭᠡᠮᠡᠯ ᠤᠨ ᠪᠦᠳᠤᠭᠡᠨ ᠪᠠᠢᠭᠤᠯᠤᠯᠳᠠ ᠵᠢᠴᠢ ᠲᠦᠰᠤᠪ ᠲᠤ ᠰᠦᠯᠵᠢᠶ᠎ᠠ ᠪᠡᠷ ᠬᠢᠨᠠᠯᠳᠠ ᠲᠠᠯᠪᠢᠬᠤ ᠠᠵᠢᠯ ᠦᠷᠨᠢᠬᠦᠯᠦᠭᠰᠨᠨ ᠪᠠᠢᠳᠠᠯ᠂ ᠠᠷᠠᠳ ᠤᠨ ᠲᠦᠯᠤᠭᠡᠯᠡᠭᠴᠢ ᠶᠢᠨ ᠭᠡᠷ ᠪᠦᠯᠢ ᠶᠢᠨ ᠪᠦᠳᠤᠭᠡᠨ ᠪᠠᠢᠭᠤᠯᠤᠯᠳᠠ ᠶᠢᠨ ᠠᠵᠢᠯᠯᠠᠭ᠎ᠠ᠂ ᠲᠦᠯᠤᠭᠡᠯᠡᠭᠴᠢ ᠶᠢᠨ ᠡᠬᠦᠷᠭᠡ ᠲᠤᠰᠢᠶᠠᠯ ᠶᠢᠠᠨ ᠬᠦᠢᠴᠡᠳᠭᠡᠬᠦ ᠴᠢᠳᠠᠪᠤᠷᠢ ᠶᠢ ᠲᠠᠭᠡᠭᠰᠢᠯᠡᠬᠦᠯᠦᠭᠰᠨᠨ ᠵᠡᠷᠭᠡ ᠪᠠᠢᠳᠠᠯ ᠢ ᠨᠠᠷᠢᠨ ᠤᠢᠯᠠᠭᠠᠪᠠ᠃

        
             ᠲᠤᠭᠤᠷᠢᠨ ᠰᠤᠷᠤᠯᠴᠠᠬᠤ ᠲᠤᠭᠤᠢᠯᠠᠩ ᠤᠨ ᠬᠢᠨ ᠡᠴᠨ ᠮᠠᠨ ᠤ ᠬᠤᠰᠢᠭᠤᠨ ᠤ ᠲᠦᠯᠤᠭᠡᠯᠡᠭᠴᠢ ᠶᠢᠨ ᠪᠢᠯᠸᠲ ᠦᠭᠬᠦ ᠲᠦᠷᠢᠮ ᠤᠨ ᠠᠵᠢᠯ ᠪᠠ ᠲᠦᠯᠤᠭᠡᠯᠡᠭᠴᠢ ᠶᠢᠨ ᠠᠵᠢᠯ ᠤᠨ ᠤᠯᠤᠭᠰᠨᠨ ᠠᠮᠵᠢᠯᠳᠠ ᠶᠢ ᠦᠨᠳᠤᠷ ᠦᠨᠡᠯᠡᠬᠦ ᠶᠢᠨ ᠬᠠᠮᠳᠤ᠂ ᠪᠠᠢᠴᠠᠭᠠᠨ ᠰᠤᠷᠤᠯᠴᠠᠬᠤ ᠪᠡᠷ ᠵᠠᠪᠰᠢᠶᠠᠨ ᠪᠤᠯᠭᠠᠵᠤ᠂ ᠬᠤᠶᠠᠷ ᠭᠠᠵᠠᠷ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠯᠢᠯᠴᠠᠭ᠎ᠠ ᠬᠠᠮᠳᠤᠷᠠᠯᠴᠠᠭ᠎ᠠ ᠪᠠᠨ ᠲᠠᠰᠤᠷᠠᠯᠳᠠ ᠦᠭᠡᠢ ᠴᠢᠩᠭᠠᠳᠬᠠᠠ᠂ ᠬᠠᠷᠢᠯᠴᠠᠨ ᠯᠠᠪᠯᠠᠯᠳᠠ ᠪᠤᠯᠭᠠᠵᠤ᠂ ᠲᠤᠳᠠᠭᠳᠠᠯ ᠶᠢᠠᠨ ᠨᠦᠬᠦᠪᠤᠷᠢᠯᠡᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠷᠨᠢᠯᠳᠠ ᠶᠢ ᠬᠠᠮᠳᠤᠪᠠᠷ ᠲᠦᠯᠬᠢᠨ ᠠᠬᠢᠭᠤᠯᠤᠶ᠎ᠠ ᠭᠡᠵᠤ ᠢᠯᠡᠷᠭᠡᠢᠯᠡᠪᠡ᠃


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠬᠤᠳᠠ ᠪᠠᠯᠭᠠᠰᠤ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢᠨ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠪᠡ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠬᠤᠳᠠ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠲᠤᠰᠬᠠᠢ ᠲᠦᠷᠤᠯ ᠤᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ