ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠬᠤᠳᠠ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠲᠤᠰᠬᠠᠢ ᠲᠦᠷᠤᠯ ᠤᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ


ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠢᠭᠡᠳᠤᠯᠳᠠᠢ ᠲᠤᠬᠢᠷᠠᠭᠤᠯᠤᠯᠳᠠ ᠶᠤᠰᠤᠭᠠᠷ᠂ 8 ᠰᠠᠷ᠎ᠠ ᠶᠢᠨ7᠋ ᠤ ᠡᠳᠤᠷ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠺᠠᠳ᠋ᠠᠷ ᠠᠵᠢᠯᠳᠠᠨ ᠢ ᠵᠤᠬᠢᠶᠠᠨ ᠪᠠᠢᠭᠤᠯᠵᠤ ᠡᠬᠦᠷᠭᠡ ᠬᠤᠪᠢᠶᠠᠷᠢᠯᠠᠭᠰᠨᠨ ᠬᠠᠷᠢᠭᠤᠴᠠᠯᠭᠠᠳᠤ ᠲᠤᠭᠤᠷᠢᠭ ᠲᠤ ᠬᠤᠳᠠ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠲᠤᠰᠬᠠᠢ ᠲᠦᠷᠤᠯ ᠤᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ᠃

ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠺᠠᠳ᠋ᠷ ᠠᠵᠢᠯᠳᠠᠳ ᠯᠦᠪᠸᠢ ᠪᠠᠯᠭᠠᠰᠤᠨ ᠤ ᠮᠸᠩ ᠶᠤᠸᠠᠨ ᠰᠦ᠋ ᠶᠢᠨ ᠦᠷᠳᠡᠭᠡᠨ ᠤ ᠨᠡᠢᠭᠡᠮ ᠲᠤᠭᠤᠷᠢᠭ(ᠹᠦ᠋ ᠯᠢ ᠴᠦᠨ ᠴᠸᠩ ᠤᠨ ᠡᠮᠤᠨ᠎ᠡ)᠋ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠡᠬᠦᠷᠭᠡ ᠬᠤᠪᠢᠶᠠᠷᠢᠯᠠᠭᠰᠨᠨ ᠬᠠᠷᠢᠭᠤᠴᠠᠯᠭᠠᠳᠤ ᠲᠤᠭᠤᠷᠢᠭ ᠲᠤ ᠢᠷᠡᠵᠤ᠂ ᠵᠠᠮ ᠤᠨ ᠬᠤᠶᠠᠷ ᠬᠠᠵᠠᠭᠤ ᠵᠢᠴᠢ ᠭᠡᠷ ᠤᠨ ᠡᠮᠤᠨ᠎ᠡ ᠬᠤᠢᠨᠠᠬᠢ ᠡᠷᠤᠢ ᠬᠤᠷᠤᠢ ᠦᠭᠡᠢ ᠤᠪᠤᠭᠠᠯᠠᠵᠤ ᠪᠠᠢᠭ᠎ᠠ ᠠᠮᠢᠳᠤᠷᠠᠯ ᠤᠨ ᠡᠯᠳᠡᠪ ᠵᠤᠢᠯ ᠤᠨ ᠬᠤᠭ ᠨᠤᠪᠰᠢ ᠶᠢ ᠦᠯᠡᠳᠡᠭᠡᠯ ᠦᠭᠡᠢ ᠴᠡᠪᠡᠷᠯᠡᠨ ᠵᠠᠰᠠᠬᠤ ᠶᠢᠨ ᠬᠠᠮᠳᠤ᠂ ᠤᠢᠷᠠᠯᠴᠠᠭᠠᠬᠢ ᠰᠠᠭᠤᠭᠠᠯᠢ ᠠᠷᠠᠳ ᠲᠤ ᠡᠷᠡᠬᠦᠯ ᠮᠡᠨᠳᠤ ᠤᠷᠴᠢᠨ ᠲᠤᠭᠤᠷᠢᠨ ᠤ ᠮᠡᠳᠡᠯᠭᠡ ᠶᠢ ᠲᠠᠢᠯᠪᠤᠷᠢᠯᠨᠨ ᠦᠭᠴᠤ᠂ ᠤᠷᠤᠨ ᠰᠠᠭᠤᠴᠨ ᠶᠢᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠠᠷᠢᠭᠤᠨ ᠴᠡᠪᠡᠷ ᠢ ᠪᠠᠳᠤᠯᠠᠬᠤ ᠶᠢ ᠰᠠᠨᠠᠭᠠᠴᠢᠯᠠᠵᠤ᠂ ᠠᠮᠢᠳᠤᠷᠠᠯ ᠤᠨ ᠬᠤᠭ ᠨᠤᠪᠰᠢ ᠪᠤᠶᠤ ᠪᠠᠷᠢᠯᠭ᠎ᠠ ᠶᠢᠨ ᠬᠤᠭ ᠨᠤᠪᠰᠢ ᠶᠢ ᠲᠤᠷ᠎ᠠ ᠪᠡᠷ ᠬᠠᠶᠠᠵᠤ ᠪᠤᠯᠬᠤ ᠦᠭᠡᠢ᠂ ᠠᠷᠢᠭᠤᠨ ᠴᠡᠪᠡᠷ᠂ ᠡᠮᠬᠢ ᠵᠢᠷᠤᠮ ᠲᠠᠢ ᠠᠮᠢᠳᠤᠷᠠᠯ ᠤᠨ ᠤᠷᠴᠢᠨ ᠨᠦᠬᠦᠴᠡᠯ ᠢ ᠬᠠᠮᠳᠤᠪᠠᠷ ᠪᠤᠢ ᠪᠤᠯᠭᠠᠬᠤ ᠭᠡᠷᠡᠭᠳᠡᠢ ᠭᠡᠵᠡᠢ᠃

ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠺᠠᠳ᠋ᠷ ᠠᠵᠢᠯᠳᠠᠨ ᠡᠴᠨ ᠬᠤᠢᠰᠢᠳᠠ ᠶᠢᠨ ᠭᠡᠰᠡᠭ ᠬᠤᠭᠤᠴᠠᠭᠠᠨ ᠳᠤ᠂ ᠬᠠᠷᠢᠭᠤᠴᠠᠯᠭᠠᠳᠤ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠴᠡᠭᠴᠡᠯᠡᠨ ᠵᠠᠰᠠᠬᠤ ᠬᠦᠴᠤᠯᠡᠴᠨ ᠶᠢ ᠤᠯᠠᠮ ᠨᠢᠭᠡ ᠠᠯᠬᠤᠮ ᠨᠡᠮᠡᠭᠳᠡᠬᠦᠯᠵᠤ᠂ ᠬᠤᠳᠠ ᠲᠤᠭᠤᠷᠢᠭ ᠤᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠲᠦᠷᠢ ᠲᠦᠷᠬᠦ ᠶᠢ ᠰᠠᠢᠵᠢᠷᠠᠭᠤᠯᠤᠨ᠂ ᠬᠤᠳᠠ ᠶᠢᠨ ᠤᠷᠴᠢᠨ ᠲᠤᠭᠤᠷᠢᠨ ᠢ ᠭᠤᠶᠤᠯᠠᠵᠤ᠂ ᠨᠢᠭᠡᠨ ᠴᠡᠪᠡᠷ ᠲᠤᠬᠢᠯᠢᠭ ᠤᠷᠤᠨ ᠰᠠᠭᠤᠴᠨ ᠶᠢᠨ ᠤᠷᠴᠢᠨ ᠲᠤᠭᠤᠷᠢᠨ ᠢ ᠪᠤᠢ ᠪᠤᠯᠭᠠᠬᠤ ᠶᠢ ᠦᠨᠡᠨᠬᠦ ᠪᠠᠳᠤᠯᠠᠨ᠎ᠡ ᠭᠡᠵᠤ ᠢᠯᠡᠷᠭᠡᠢᠯᠡᠵᠡᠭᠡᠪᠡ᠃