ᠤᠳᠤ ᠶᠢᠨ ᠪᠠᠢ᠌ᠷᠢ᠄ ᠴᠢᠬᠤᠯᠠ ᠮᠡᠳᠡᠭᠡ → ᠦᠪᠡᠷᠳᠡᠭᠡᠨ ᠵᠠᠰᠠᠬᠤ ᠤᠷᠤᠨ ᠤ ᠠᠷᠠᠳ ᠤᠨ᠁
ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠬᠤ ᠲᠤᠭᠤᠢᠯᠠᠩ ᠮᠠᠨ ᠤ ᠬᠤᠰᠢᠭᠤᠨ ᠳᠤ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠯᠳᠠ ᠦᠷᠨᠢᠬᠦᠯᠪᠡ

       8 ᠰᠠᠷ᠎ᠠ ᠶᠢᠨ 9᠋ ᠡᠴᠨ 10᠋ ᠤ ᠡᠳᠤᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠵᠦᠪᠯᠡᠯ ᠤᠨ ᠡᠷᠬᠢᠯᠡᠭᠴᠢ ᠮᠸᠩ ᠴᠢᠩ ᠮᠢᠨ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠬᠤ ᠲᠤᠭᠤᠢᠯᠠᠩ ᠶᠢᠠᠨ ᠲᠠᠭᠠᠭᠤᠯᠵᠤ ᠮᠠᠨ ᠤ ᠬᠤᠰᠢᠭᠤᠨ ᠤ《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠤᠯᠢ》᠋ ᠪᠠ《 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠳᠤᠭ ᠪᠡᠯᠴᠢᠭᠡᠷ ᠤᠨ ᠬᠠᠮᠢᠶᠠᠷᠤᠯᠳᠠ ᠶᠢᠨ ᠲᠦᠷᠢᠮ》᠋ ᠢ ᠨᠠᠢᠳᠠᠪᠤᠷᠢᠵᠢᠭᠤᠯᠤᠭᠰᠨᠨ ᠪᠠᠢᠳᠠᠯ ᠳᠤ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠯᠳᠠ ᠬᠢᠬᠦ ᠶᠢᠨ ᠬᠠᠮᠳᠤ᠂《 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠪᠡᠰᠤ ᠮᠠᠯ ᠤᠨ ᠲᠠᠩᠴᠡᠬᠦᠷᠢ ᠶᠢ ᠪᠠᠳᠤᠯᠠᠬᠤ ᠪᠡ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠰᠡᠷᠬᠦᠭᠡᠬᠦ ᠲᠦᠷᠢᠮ(ᠲᠦᠰᠤᠯ)》᠋ ᠳᠤ ᠬᠠᠤᠯᠢ ᠲᠤᠭᠳᠠᠭᠠᠬᠤ ᠪᠠᠢᠴᠠᠭᠠᠨ ᠰᠤᠳᠤᠯᠤᠯᠳᠠ ᠬᠢᠪᠡ᠃ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠬᠦᠸᠸ ᠵᠢᠶᠠᠨ ᠸᠸᠢ᠂ ᠬᠤᠰᠢᠭᠤᠨ ᠤ ᠤᠳᠤᠷᠢᠳᠤᠯᠭ᠎ᠠ ᠪᠠᠶᠠᠨᠰᠠᠩ᠂ ᠪᠠᠢ ᠬᠤᠸᠨ᠂ ᠰᠦᠩ ᠯᠢᠶᠠᠨ ᠡᠾᠦ᠋ᠢ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠭᠡᠰᠡᠭ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠳᠠᠨ ᠪᠠᠷ᠎ᠠ ᠪᠤᠯᠤᠨ ᠪᠠᠢᠴᠠᠭᠠᠭᠰᠨᠨ ᠪᠠ ᠰᠠᠭᠤᠳᠠᠯ ᠤᠨ ᠬᠤᠷᠠᠯ ᠳᠤ ᠤᠷᠤᠯᠴᠠᠪᠠ᠃

        


        
              ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠬᠤ ᠲᠤᠭᠤᠢᠯᠠᠩ ᠤᠷᠢᠳ ᠬᠤᠵᠢᠳ ᠲᠤᠯᠤᠳᠤ ᠰᠤᠮᠤ ᠶᠢᠨ ᠴᠠᠭᠠᠨ ᠲᠤᠯᠤᠭᠠᠢ ᠭᠠᠴᠠᠭ᠎ᠠ᠂ ᠬᠤᠶᠠᠷᠬᠤᠸᠨ ᠭᠠᠴᠠᠭ᠎ᠠ ᠳᠤ ᠬᠦᠷᠴᠤ᠂ ᠨᠤᠳᠤᠭ ᠪᠡᠯᠴᠢᠭᠡᠷ ᠤᠨ ᠬᠠᠮᠠᠭᠠᠯᠠᠯᠳᠠ᠂ ᠡᠪᠡᠰᠤ ᠮᠠᠯ ᠤᠨ ᠲᠠᠩᠴᠡᠬᠦᠷᠢ ᠪᠡ ᠪᠡᠯᠴᠢᠭᠡᠷᠯᠡᠬᠦᠯᠬᠦ ᠶᠢ ᠵᠤᠭᠰᠤᠭᠠᠬᠤ ᠠᠵᠢᠯ ᠦᠷᠨᠢᠬᠦᠯᠦᠭᠰᠨᠨ ᠪᠠᠢᠳᠠᠯ ᠢ ᠪᠠᠢᠴᠠᠭᠠᠨ ᠦᠵᠡᠪᠡ᠃

        


        

        ᠰᠠᠭᠤᠳᠠᠯ ᠤᠨ ᠬᠤᠷᠠᠯ ᠲᠠᠭᠡᠷ᠎ᠠ᠂ ᠪᠠᠢ ᠬᠤᠸᠨ ᠡᠴᠨ ᠮᠠᠨ ᠤ ᠬᠤᠰᠢᠭᠤᠨ ᠤ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠤᠯᠢ》《 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠳᠤᠭ ᠪᠡᠯᠴᠢᠭᠡᠷ ᠤᠨ ᠬᠠᠮᠢᠶᠠᠷᠤᠯᠳᠠ ᠶᠢᠨ ᠲᠦᠷᠢᠮ》᠋ ᠤᠨ ᠠᠵᠢᠯ ᠦᠷᠨᠢᠬᠦᠯᠦᠭᠰᠨᠨ ᠪᠠᠢᠳᠠᠯ ᠤᠨ ᠲᠤᠬᠠᠢ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠬᠤ ᠲᠤᠭᠤᠢᠯᠠᠩ ᠳᠤ ᠬᠠᠷᠢᠭᠤ ᠮᠡᠳᠡᠬᠦᠯᠤᠯᠳᠠ ᠬᠢᠵᠤ᠂ ᠬᠤᠷᠠᠯ ᠳᠤ ᠤᠷᠤᠯᠴᠠᠭᠰᠠᠳ ᠨᠤᠳᠤᠭ ᠪᠡᠯᠴᠢᠭᠡᠷ ᠤᠨ《 ᠨᠢᠭᠡ ᠬᠠᠤᠯᠢ ᠨᠢᠭᠡ ᠲᠦᠷᠢᠮ》᠋ ᠢ ᠰᠤᠷᠤᠯᠴᠠᠨ ᠤᠬᠠᠭᠤᠯᠬᠤ᠂ ᠪᠡᠯᠴᠢᠭᠡᠷᠯᠡᠬᠦᠯᠬᠦ ᠶᠢ ᠵᠤᠭᠰᠤᠭᠠᠬᠤ ᠲᠦᠷᠢᠮ ᠢ ᠨᠠᠢᠳᠠᠪᠤᠷᠢᠵᠢᠭᠤᠯᠤᠭᠰᠨᠨ ᠪᠠᠢᠳᠠᠯ ᠪᠠ ᠡᠪᠡᠰᠤ ᠮᠠᠯ ᠢ ᠲᠠᠩᠴᠡᠬᠦᠷᠢᠳᠠᠢ ᠪᠠᠢᠯᠭᠠᠬᠤ ᠶᠢᠨ ᠲᠤᠭᠤᠷᠢᠨ ᠳᠤ ᠨᠠᠷᠢᠨ ᠨᠢᠭᠳᠠ ᠰᠤᠯᠢᠯᠴᠠᠨ ᠶᠠᠷᠢᠯᠴᠠᠬᠤ ᠶᠢᠨ ᠬᠠᠮᠳᠤ᠂ ᠬᠠᠨᠳᠤᠯᠭᠠᠳᠤ ᠴᠢᠨᠠᠷ ᠲᠠᠢ ᠰᠠᠨᠠᠯ ᠰᠠᠨᠠᠭᠤᠯᠭ᠎ᠠ ᠲᠤᠷᠠᠳᠤᠪᠠ᠃

        
              ᠮᠸᠩ ᠴᠢᠩ ᠮᠢᠨ ᠨᠠᠷ ᠮᠠᠨ ᠤ ᠬᠤᠰᠢᠭᠤᠨ ᠤ ᠨᠤᠳᠤᠭ ᠪᠡᠯᠴᠢᠭᠡᠷ ᠢ ᠬᠠᠮᠠᠭᠠᠯᠠᠨ ᠵᠠᠰᠠᠬᠤ᠂ ᠡᠪᠡᠰᠤ ᠮᠠᠯ ᠤᠨ ᠲᠠᠩᠴᠡᠬᠦᠷᠢ ᠪᠡ ᠪᠡᠯᠴᠢᠭᠡᠷᠯᠡᠬᠦᠯᠬᠦ ᠶᠢ ᠵᠤᠭᠰᠤᠭᠠᠬᠤ ᠲᠦᠷᠢᠮ ᠢ ᠨᠠᠢᠳᠠᠪᠤᠷᠢᠵᠢᠭᠤᠯᠤᠭᠰᠨᠨ ᠪᠠᠢᠳᠠᠯ ᠳᠤ ᠬᠦᠢᠴᠡᠳ ᠤᠨᠡᠯᠡᠯᠳᠠ ᠦᠭᠪᠡ᠃ ᠪᠠᠢᠴᠠᠭᠠᠬᠤ ᠲᠤᠭᠤᠢᠯᠠᠩ ᠡᠴᠨ ᠱᠠᠭᠠᠷᠳᠠᠭᠰᠨᠨ ᠨᠢ᠂ ᠵᠠᠷᠤᠤᠨ ᠬᠤᠰᠢᠭᠤ ᠲᠦᠷᠤ ᠶᠢᠨ ᠪᠤᠳᠤᠯᠭ᠎ᠠ ᠪᠡᠷ ᠲᠠᠳᠬᠦᠬᠦ ᠡᠷᠴᠢᠮ ᠶᠢᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠰᠢᠭᠤᠨ ᠱᠠᠳᠤᠨ ᠤ ᠨᠤᠳᠤᠭ ᠪᠡᠯᠴᠢᠭᠡᠷ ᠤᠨ ᠬᠠᠤᠯᠢ ᠭᠡᠷᠡᠭᠵᠢᠬᠦᠯᠤᠯᠳᠠ ᠶᠢᠨ ᠬᠢᠨᠠᠯᠳᠠ ᠲᠠᠯᠪᠢᠬᠤ ᠪᠠᠢᠭᠤᠯᠤᠮᠵᠢ ᠶᠢ ᠪᠠᠢᠭᠤᠯᠵᠤ ᠲᠠᠬᠦᠯᠳᠡᠷᠵᠢᠬᠦᠯᠤᠨ᠂ ᠪᠦᠬᠦ ᠬᠤᠰᠢᠭᠤᠨ ᠤ ᠨᠤᠳᠤᠭ ᠪᠡᠯᠴᠢᠭᠡᠷ ᠤᠨ ᠬᠠᠤᠯᠢ ᠭᠡᠷᠡᠭᠵᠢᠬᠦᠯᠤᠯᠳᠠ ᠶᠢᠨ ᠬᠢᠨᠠᠯᠳᠠ ᠲᠠᠯᠪᠢᠬᠤ ᠡᠬᠦᠷᠭᠡ ᠬᠠᠷᠢᠭᠤᠴᠠᠯᠭ᠎ᠠ ᠶᠢ ᠬᠠᠷᠢᠭᠤᠴᠠᠬᠤ ᠭᠡᠷᠡᠭᠳᠡᠢ᠃ ᠰᠢ ᠵᠢᠨ ᠫᠢᠩ ᠶᠡᠷᠤᠩᠭᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢ ᠲᠠᠷᠢᠬᠦᠨ ᠳᠤ ᠲᠠᠯᠪᠢᠬᠤ ᠪᠤᠬᠢᠷᠳᠤᠯ ᠦᠭᠡᠢ ᠬᠦᠭᠵᠢᠬᠦᠯᠬᠦ ᠶᠢ ᠪᠠᠷᠢᠮᠳᠠᠯᠠᠨ᠂ ᠬᠠᠮᠠᠭᠠᠯᠠᠬᠤ ᠲᠤᠮᠳᠠ ᠬᠦᠭᠵᠢᠬᠦᠯᠵᠤ᠂ ᠠᠮᠢ ᠠᠬᠤᠢ ᠶᠢᠨ ᠬᠠᠮᠠᠭᠠᠯᠠᠯᠳᠠ ᠪᠡ ᠪᠦᠳᠤᠭᠡᠨ ᠪᠠᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠨ᠂ ᠨᠤᠳᠤᠭ ᠪᠠᠯᠴᠢᠭᠡᠷ ᠤᠨ ᠦᠪᠡᠷ ᠢ ᠪᠠᠨ ᠰᠢᠨᠡᠳᠭᠡᠨ ᠰᠡᠷᠬᠦᠭᠡᠬᠦ ᠴᠢᠳᠠᠪᠤᠷᠢ ᠶᠢ ᠲᠠᠭᠡᠭᠰᠢᠯᠡᠬᠦᠯᠵᠤ᠂ ᠨᠤᠳᠤᠭ ᠪᠡᠯᠴᠢᠭᠡᠷ ᠠᠮᠢ ᠠᠬᠤᠢ ᠶᠢᠨ ᠦᠷᠬᠦᠯᠵᠢᠯᠡᠨ ᠰᠠᠢᠵᠢᠷᠠᠬᠤ ᠶᠢ ᠲᠦᠯᠬᠢᠨ ᠠᠬᠢᠭᠤᠯᠬᠤ ᠭᠡᠷᠡᠭᠳᠡᠢ᠃ ᠲᠤᠰ ᠭᠠᠵᠠᠷ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠬᠦᠭᠵᠢᠯᠳᠠ ᠶᠢᠨ ᠦᠵᠡᠯᠳᠠ ᠶᠢᠨ ᠰᠢᠨ᠎ᠡ ᠶᠢ ᠡᠬᠦᠳᠴᠤ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠪᠡᠷ ᠭᠤᠤᠯ ᠰᠢᠪᠳᠤᠯᠤᠯᠳᠠ ᠶᠢᠨ ᠴᠢᠭᠯᠡᠯ ᠪᠤᠯᠭᠠᠬᠤ ᠶᠢ ᠪᠠᠷᠢᠮᠳᠠᠯᠠᠨ᠂ ᠬᠦᠭᠵᠢᠯᠳᠠ ᠶᠢ ᠬᠤᠪᠢᠷᠠᠭᠠᠬᠤ ᠭᠡᠯᠪᠡᠷᠢ ᠪᠠᠨ ᠲᠦᠷᠭᠡᠳᠭᠡᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠤᠢᠯᠡᠰ ᠤᠨ ᠰᠢᠰᠲ᠋ᠸᠮ᠂ ᠤᠢᠯᠡᠳᠪᠤᠷᠢᠯᠡᠯ ᠤᠨ ᠰᠢᠰᠲ᠋ᠸᠮ᠂ ᠡᠵᠡᠩᠨᠡᠯᠳᠠ ᠶᠢᠨ ᠰᠢᠰᠲ᠋ᠸᠮ ᠢ ᠪᠠᠢᠭᠤᠯᠤᠨ᠂ ᠤᠢᠯᠡᠳᠪᠤᠷᠢᠯᠡᠯ ᠬᠦᠭᠵᠢᠭᠰᠡᠡ᠂ ᠠᠮᠢᠳᠤᠷᠠᠯ ᠴᠢᠨᠡᠭᠡᠯᠢᠭ᠂ ᠰᠠᠢᠨ ᠰᠠᠢᠬᠠᠨ ᠤᠷᠭᠠᠨᠢᠭ ᠨᠢᠭᠡᠳᠤᠯᠳᠠᠢ ᠠᠮᠢ ᠠᠬᠤᠢ ᠲᠠᠢ ᠪᠠᠢᠬᠤ ᠶᠢ ᠠᠬᠢᠭᠤᠯᠵᠤ᠂ ᠵᠠᠷᠤᠤᠨ ᠬᠤᠰᠢᠭᠤᠨ ᠤ ᠬᠦᠳᠡᠭᠡ ᠲᠤᠰᠬᠤᠨ ᠮᠠᠯᠵᠢᠬᠤ ᠤᠷᠤᠨ ᠤ ᠦᠨᠳᠤᠷ ᠴᠢᠨᠰᠠᠭᠠᠳᠤ ᠬᠦᠭᠵᠢᠯᠳᠠ ᠶᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠬᠤᠳᠠ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠲᠤᠰᠬᠠᠢ ᠲᠦᠷᠤᠯ ᠤᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠦᠵᠡᠯ ᠤᠬᠠᠮᠰᠠᠷ ᠤᠨ ᠭᠡᠯᠪᠡᠷᠢ ᠶᠢᠨ ᠬᠢᠨᠠᠨ ᠪᠠᠢᠴᠠᠭᠠᠵᠤ ᠬᠠᠷᠢᠭᠤ ᠲᠤᠰᠬᠠᠭᠰᠨᠨ ᠠᠰᠠᠭᠤᠳᠠᠯ ᠢ ᠴᠡᠭᠴᠡᠯᠡᠨ ᠵᠠᠰᠠᠬᠤ ᠬᠤᠷᠠᠯ ᠬᠤᠷᠠᠯᠳᠤᠭᠤᠯᠪᠠ