ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠦᠵᠡᠯ ᠤᠬᠠᠮᠰᠠᠷ ᠤᠨ ᠭᠡᠯᠪᠡᠷᠢ ᠶᠢᠨ ᠬᠢᠨᠠᠨ ᠪᠠᠢᠴᠠᠭᠠᠵᠤ ᠬᠠᠷᠢᠭᠤ ᠲᠤᠰᠬᠠᠭᠰᠨᠨ ᠠᠰᠠᠭᠤᠳᠠᠯ ᠢ ᠴᠡᠭᠴᠡᠯᠡᠨ ᠵᠠᠰᠠᠬᠤ ᠬᠤᠷᠠᠯ ᠬᠤᠷᠠᠯᠳᠤᠭᠤᠯᠪᠠ

8 ᠰᠠᠷ᠎ᠠ ᠵᠶᠨ 12᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠦᠵᠡᠯ ᠤᠬᠠᠮᠰᠠᠷ ᠤᠨ ᠭᠡᠯᠪᠡᠷᠢ ᠶᠢᠨ ᠬᠢᠨᠠᠨ ᠪᠠᠢᠴᠠᠭᠠᠵᠤ ᠬᠠᠷᠢᠭᠤ ᠲᠤᠰᠬᠠᠭᠰᠨᠨ ᠠᠰᠠᠭᠤᠳᠠᠯ ᠢ ᠴᠡᠭᠴᠡᠯᠡᠨ ᠵᠠᠰᠠᠬᠤ ᠬᠤᠷᠠᠯ ᠬᠤᠷᠠᠯᠳᠤᠭᠤᠯᠵᠤ᠂ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠬᠤᠷᠠᠯ ᠡᠷᠬᠢᠯᠡᠨ᠂ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ ᠵᠢᠴᠢ ᠬᠠᠮᠢᠶ᠎ᠠ ᠪᠦᠬᠦᠢ ᠠᠵᠢᠯᠳᠠᠨ ᠬᠤᠷᠠᠯ ᠳᠤ ᠤᠷᠤᠯᠴᠠᠪᠠ᠃

ᠬᠤᠷᠠᠯ ᠲᠠᠭᠡᠷ᠎ᠠ᠂ ᠯᠢ ᠴᠸᠩ ᠬᠦᠸᠸ ᠡᠴᠨ ᠬᠢᠨᠠᠨ ᠪᠠᠢᠴᠠᠭᠠᠬᠤ ᠲᠤᠭᠤᠢᠯᠠᠩ ᠤᠨ ᠲᠤᠷᠠᠳᠤᠭᠰᠨᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠦᠵᠡᠯ ᠤᠬᠠᠮᠰᠠᠷ ᠤᠨ ᠭᠡᠯᠪᠡᠷᠢ ᠵᠢᠴᠢ ᠶᠠᠷᠢᠶ᠎ᠠ ᠭᠡᠯᠡᠯᠴᠡᠭᠡᠨ ᠤ ᠪᠠᠢᠳᠠᠯ ᠤᠨ ᠠᠵᠢᠯ ᠳᠤ ᠤᠷᠤᠰᠢᠵᠤ ᠪᠠᠢᠭ᠎ᠠ ᠠᠰᠠᠭᠤᠳᠠᠯ ᠳᠤ ᠬᠦᠨᠵᠡᠭᠡᠢ ᠵᠠᠳᠠᠯᠤᠯᠳᠠ ᠬᠢᠭᠰᠡᠨ ᠪᠦᠭᠡᠳ ᠤᠢᠷ᠎ᠠ ᠶᠢᠨ ᠬᠤᠭᠤᠴᠠᠭᠠᠨ ᠤ ᠪᠠᠢᠭᠤᠯᠭ᠎ᠠ ᠶᠢᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠳᠤ ᠲᠤᠬᠢᠷᠠᠭᠤᠯᠤᠯᠳᠠ ᠬᠢᠪᠡ᠃

ᠯᠢ ᠴᠸᠩ ᠬᠦᠸᠸ ᠴᠢᠩᠭᠠᠳᠬᠠᠨᠭᠰᠨᠨ ᠨᠢ᠂ ᠨᠢᠭᠡ ᠳᠤ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠠᠨ ᠳᠡᠬᠢ ᠲᠤᠭᠤᠷᠢᠨ ᠪᠠᠢᠴᠠᠭᠠᠵᠤ ᠬᠠᠷᠢᠭᠤ ᠲᠤᠰᠬᠠᠭᠰᠨᠨ ᠠᠰᠠᠭᠤᠳᠠᠯ ᠤᠨ ᠲᠠᠩᠰᠨ ᠲᠠᠢ ᠬᠠᠷᠭᠤᠭᠤᠯᠵᠤ ᠴᠡᠭᠴᠡᠯᠡᠨ ᠵᠠᠰᠠᠬᠤ ᠲᠦᠰᠤᠯ ᠲᠤᠭᠳᠠᠭᠠᠨ᠂ ᠴᠡᠭᠴᠡᠯᠡᠨ ᠵᠠᠰᠠᠬᠤ ᠲᠠᠩᠰᠨ ᠪᠠᠢᠭᠤᠯᠵᠤ᠂ ᠪᠦᠬᠦᠨ ᠢ ᠲᠠᠷᠠᠭᠠᠯᠠᠨ ᠴᠡᠭᠴᠡᠯᠡᠨ ᠵᠠᠰᠬᠠᠤ ᠶᠢ ᠪᠡᠶᠡᠯᠡᠬᠦᠯᠬᠦ ᠭᠡᠷᠡᠭᠳᠡᠢ᠃ ᠬᠤᠶᠠᠷ ᠲᠤ᠂ ᠤᠢᠷ᠎ᠠ ᠳᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠭᠤᠯᠭ᠎ᠠ ᠶᠢᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠵᠠᠳᠠᠯᠤᠨ ᠰᠤᠳᠤᠯᠬᠤ ᠬᠤᠷᠠᠯ ᠬᠤᠷᠠᠯᠳᠤᠭᠤᠯᠤᠨ᠂ ᠡᠯ᠎ᠠ ᠵᠦᠪᠯᠡᠯ ᠠᠯᠪᠠᠨ ᠭᠡᠷ ᠤᠨ ᠦᠵᠡᠯ ᠤᠬᠠᠮᠰᠠᠷ ᠤᠨ ᠬᠦᠷᠢᠶᠠᠨ ᠳᠡᠬᠢ ᠠᠶᠤᠯ ᠲᠦᠭᠰᠢᠬᠦᠷᠢ ᠳᠤ ᠭᠤᠤᠯᠳᠠᠯᠭ᠎ᠠ ᠲᠠᠢ ᠵᠠᠳᠠᠯᠤᠯᠳᠠ ᠬᠢᠵᠤ᠂ ᠠᠰᠠᠭᠤᠳᠠᠯ ᠡᠷᠢᠨ᠂ ᠰᠡᠷᠬᠡᠢᠯᠡᠬᠦ ᠠᠷᠭ᠎ᠠ ᠠᠪᠴᠠᠯ ᠢ ᠨᠠᠷᠢᠨ ᠬᠢᠨᠠᠮᠠᠭᠠᠢ ᠰᠤᠳᠤᠯᠬᠤ ᠭᠡᠷᠡᠭᠳᠡᠢ᠃ ᠭᠤᠷᠪᠠ ᠳᠤ᠂ ᠰᠦᠯᠵᠢᠶᠠᠨ ᠤ ᠶᠠᠷᠢᠶ᠎ᠠ ᠭᠡᠯᠡᠯᠴᠡᠭᠡᠨ ᠤ ᠹᠷᠤᠨᠲ ᠤᠨ ᠪᠠᠢᠭᠤᠯᠤᠯᠳᠠ ᠶᠢ ᠰᠠᠢᠳᠤᠷ ᠠᠳᠬᠤᠵᠤ᠂ ᠡᠬᠦᠳᠠᠨ ᠰᠦᠯᠵᠢᠶ᠎ᠠ᠂ ᠸᠢᠴᠠᠲ ᠤᠯᠠᠨ ᠨᠡᠢᠳᠠ ᠶᠢᠨ ᠳ᠋ᠤᠭᠠᠷ ᠤᠨ ᠬᠠᠮᠢᠶᠠᠷᠤᠯᠳᠠ ᠶᠢᠨ ᠠᠷᠭ᠎ᠠ ᠶᠢ ᠪᠠᠢᠭᠤᠯᠵᠤ ᠪᠦᠷᠢᠨᠰᠢᠬᠦᠯᠤᠨ᠂ ᠰᠦᠯᠵᠢᠶ᠎ᠠ᠂ ᠸᠢᠴᠠᠲ ᠤᠯᠠᠨ ᠨᠡᠢᠳᠠ ᠶᠢᠨ ᠳ᠋ᠤᠭᠠᠷ ᠤᠨ ᠶᠠᠷᠢᠶ᠎ᠠ ᠭᠡᠯᠡᠯᠴᠡᠭᠡᠨ ᠤ ᠤᠳᠤᠷᠢᠳᠤᠮᠵᠢ᠂ ᠮᠡᠳᠡᠭᠡ ᠵᠠᠩᠬᠢ ᠨᠡᠢᠳᠡᠯᠡᠬᠦ᠂ ᠭᠠᠳᠠᠭᠰᠢ ᠤᠬᠠᠭᠤᠯᠬᠤ ᠪᠠ ᠰᠦᠯᠵᠢᠶᠠᠨ ᠤ ᠰᠤᠶᠤᠯ ᠤᠨ ᠡᠷᠡᠬᠦᠯ ᠶᠢᠠᠷ ᠬᠦᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠬᠢ ᠢᠳᠡᠪᠬᠢ ᠤᠢᠯᠡᠳᠤᠯ ᠢ ᠪᠦᠳᠤᠮᠵᠢᠳᠠᠢ ᠪᠠᠳᠠᠷᠠᠭᠤᠯᠬᠤ ᠭᠡᠷᠡᠭᠳᠡᠢ᠃ ᠲᠦᠷᠪᠡ ᠳᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠲᠤᠮᠳᠠᠬᠢ ᠰᠠᠢᠨ ᠬᠢᠳᠠᠯ ᠠᠷᠭ᠎ᠠ ᠶᠢ ᠴᠠᠭ ᠲᠤᠬᠠᠢ ᠳᠤᠨᠢ ᠳ᠋ᠦᠩᠨᠡᠵᠤ᠂ ᠭᠡᠷᠡᠭᠵᠢᠬᠦᠯᠬᠦ ᠴᠢᠨᠠᠷ ᠶᠢᠠᠷ ᠴᠢᠩᠭ᠎ᠠ᠂ ᠬᠠᠭᠤᠯᠪᠤᠷᠢᠯᠠᠵᠤ ᠪᠤᠯᠬᠤ᠂ ᠲᠠᠯᠭᠡᠷᠡᠬᠦᠯᠬᠦ ᠳᠤ ᠬᠢᠯᠪᠡᠷ ᠲᠤᠷᠰᠢᠯᠭ᠎ᠠ ᠠᠷᠭ᠎ᠠ ᠶᠢ ᠪᠦᠷᠢᠯᠳᠤᠬᠦᠯᠬᠦ ᠶᠢ ᠴᠢᠬᠤᠯᠠᠴᠢᠯᠠᠨ᠂ ᠪᠦᠬᠦ ᠬᠤᠰᠢᠭᠤᠨ ᠤ ᠦᠵᠡᠯ ᠤᠬᠠᠮᠰᠠᠷ ᠤᠨ ᠠᠵᠢᠯ ᠤᠨ ᠴᠢᠨᠠᠷ ᠴᠢᠨᠰᠠᠭ᠎ᠠ ᠶᠢ ᠲᠠᠭᠡᠭᠰᠢᠯᠡᠬᠦᠯᠬᠦ ᠳᠤ ᠬᠤᠪᠢ ᠨᠡᠮᠡᠷᠢ ᠦᠵᠡᠬᠦᠯᠬᠦ ᠭᠡᠷᠡᠭᠳᠡᠢ ᠭᠡᠵᠡᠢ᠃