ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ ᠪᠠᠶᠠᠷᠳᠤᠬᠤᠰᠢᠭᠤ ᠪᠠᠯᠭᠠᠰᠤᠨ ᠳᠤ ᠠᠵᠢᠯ ᠤᠨ ᠪᠠᠢᠴᠠᠭᠠᠨ ᠰᠤᠳᠤᠯᠤᠯᠳᠠ ᠵᠢᠯᠤᠭᠤᠳᠤᠯᠭ᠎ᠠ ᠬᠢᠪᠡ

 

        

       8 ᠰᠠᠷ᠎ᠠ ᠶᠢᠨ 14᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ ᠪᠠᠶᠠᠷᠳᠤᠬᠤᠰᠢᠭᠤ ᠪᠠᠯᠭᠠᠰᠤᠨ ᠳᠤ ᠠᠵᠢᠯ ᠤᠨ ᠪᠠᠢᠴᠠᠭᠠᠨ ᠰᠤᠳᠤᠯᠤᠯᠳᠠ ᠵᠢᠯᠤᠭᠤᠳᠤᠯᠭ᠎ᠠ ᠬᠢᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠭᠤᠤᠯ ᠬᠠᠷᠢᠭᠤᠴᠠᠯᠭᠠᠳᠠᠨ ᠪᠠᠷ᠎ᠠ ᠪᠤᠯᠪᠠ᠃

        
            ᠪᠠᠶᠠᠨᠰᠠᠩ ᠡᠷᠬᠢᠯᠡᠭᠴᠢ ᠡᠮᠤᠨ᠎ᠡ ᠰᠠᠯᠠᠭ᠎ᠠ ᠭᠠᠴᠠᠭ᠎ᠠ ᠶᠢᠨ ᠦᠶᠡᠷ ᠢ ᠰᠡᠷᠬᠡᠢᠯᠡᠬᠦ ᠭᠤᠤᠯᠳᠠᠯᠭ᠎ᠠ ᠲᠠᠢ ᠭᠠᠵᠠᠷ ᠤᠷᠤᠨ ᠳᠤ ᠬᠦᠷᠴᠤ᠂ ᠲᠤᠬᠠᠢ ᠶᠢᠨ ᠭᠠᠵᠠᠷ ᠲᠤ ᠦᠶᠡᠷ ᠢ ᠰᠡᠷᠭᠡᠢᠯᠡᠬᠦ ᠠᠵᠢᠯ ᠢ ᠲᠤᠭᠤᠷᠢᠨ ᠪᠠᠢᠴᠠᠭᠠᠵᠤ ᠪᠠᠢᠴᠠᠭᠠᠨ ᠰᠤᠳᠤᠯᠤᠯᠳᠠ ᠬᠢᠬᠦ ᠶᠢᠨ ᠬᠠᠮᠳᠤ᠂ ᠪᠤᠷᠤᠭᠠᠨ᠂ ᠤᠰᠤᠨ ᠪᠠ ᠦᠶᠡᠷ ᠤᠨ ᠪᠠᠢᠳᠠᠯ ᠢ ᠨᠠᠷᠢᠯᠢᠭ ᠠᠩᠬᠠᠷᠬᠤ ᠶᠢ ᠱᠠᠭᠠᠷᠳᠠᠨ᠂ ᠦᠶᠡᠷ ᠢ ᠵᠢᠵᠢᠬᠦᠷᠯᠡᠨ ᠮᠡᠳᠡᠭᠦᠯᠬᠦ ᠲᠦᠷᠢᠮ ᠢ ᠴᠢᠩᠭ᠎ᠠ ᠨᠠᠢᠳᠠᠪᠤᠷᠢᠵᠢᠭᠤᠯᠵᠤ᠂ ᠲᠤᠭᠤᠷᠢᠨ ᠪᠠᠢᠴᠠᠭᠠᠬᠤ ᠶᠢ ᠴᠢᠩᠭᠠᠳᠬᠠᠨ᠂ ᠤᠰᠤᠨ ᠳᠤ ᠡᠪᠳᠡᠭᠳᠡᠭᠰᠨᠨ ᠲᠦᠬᠦᠭᠡᠷᠤᠮᠵᠢ ᠶᠢ ᠴᠠᠭ ᠲᠤᠬᠠᠢ ᠳᠤᠨᠢ ᠵᠠᠰᠠᠨ ᠰᠡᠯᠪᠢᠵᠤ᠂ ᠦᠶᠡᠷ ᠢ ᠰᠡᠷᠭᠡᠢᠯᠡᠬᠦ ᠡᠯ᠎ᠠ ᠲᠦᠷᠤᠯ ᠤᠨ ᠠᠵᠢᠯ ᠢ ᠪᠤᠳᠠᠳᠠᠢ ᠨᠠᠷᠢᠯᠢᠭ ᠠᠳᠬᠤᠨ᠂ ᠤᠯᠨᠨ ᠲᠦᠮᠨᠨ ᠤ ᠠᠮᠢ ᠨᠠᠰᠤᠨ ᠤ ᠠᠮᠤᠷ ᠲᠦᠪᠰᠢᠨ ᠪᠡ ᠡᠳ᠋ ᠬᠦᠷᠤᠩᠭᠡ ᠶᠢᠨ ᠠᠮᠤᠷ ᠲᠦᠪᠰᠢᠨ ᠢ ᠬᠠᠮᠠᠭᠠᠯᠠᠬᠤ ᠭᠡᠷᠡᠭᠳᠡᠢ ᠭᠡᠵᠡᠢ᠃

        
          ᠲᠠᠷᠠᠭᠠᠴᠢ ᠪᠡᠷ᠂ ᠪᠠᠶᠠᠨᠰᠠᠩ ᠡᠷᠬᠢᠯᠡᠭᠴᠢ ᠬᠢᠭᠡᠳ ᠪᠠᠶᠠᠷᠳᠤᠬᠤᠰᠢᠭᠤ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠤᠬᠦᠨ ᠭᠡᠰᠢᠬᠦᠨ ᠵᠢᠴᠢ ᠡᠯ᠎ᠠ ᠭᠠᠴᠠᠭ᠎ᠠ ᠶᠢᠨ ᠨᠠᠮ ᠤᠨ ᠡᠬᠦᠷ ᠤᠨ ᠱᠦᠵᠢ᠂ ᠭᠠᠴᠠᠭᠠᠨ ᠲᠠᠷᠤᠭ᠎ᠠ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠲᠠᠭᠡᠷ᠎ᠠ᠂ ᠭᠠᠴᠠᠭ᠎ᠠ ᠲᠤᠰᠬᠤᠨ ᠤ ᠬᠤᠶᠠᠷ ᠵᠦᠪᠯᠡᠯ ᠤᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠤᠨ ᠬᠠᠮᠤᠭ ᠰᠢᠨ᠎ᠡ ᠵᠤᠷᠢᠭ ᠰᠠᠨᠠᠭ᠎ᠠ ᠶᠢ ᠤᠯᠠᠮᠵᠢᠯᠠᠵᠤ᠂ ᠪᠠᠯᠭᠠᠰᠤᠨ ᠤ ᠨᠠᠮ ᠤᠨ ᠬᠤᠷᠢᠶ᠎ᠠ ᠡᠴᠨ ᠭᠠᠴᠠᠭ᠎ᠠ ᠲᠤᠰᠬᠤᠨ ᠤ ᠬᠤᠶᠠᠷ ᠵᠦᠪᠯᠡᠯ ᠤᠨ ᠬᠤᠭᠤᠴᠠᠭ᠎ᠠ ᠬᠠᠯᠠᠬᠤ ᠪᠡᠯᠡᠳᠭᠡᠯ ᠠᠵᠢᠯ ᠪᠠ ᠨᠢᠳᠤᠨ ᠡᠮᠤᠨ᠎ᠡ ᠲᠤᠯᠭᠠᠷᠠᠵᠤ ᠪᠠᠢᠭ᠎ᠠ ᠠᠰᠠᠭᠤᠳᠠᠯ ᠤᠨ ᠮᠡᠳᠡᠬᠦᠯᠤᠯᠳᠠ ᠶᠢ ᠰᠤᠨᠤᠰᠪᠡ᠃

        
           ᠪᠠᠶᠠᠨᠰᠠᠩ ᠱᠠᠭᠠᠷᠳᠠᠭᠰᠨᠨ ᠨᠢ᠂ 2021ᠤᠨ ᠤ ᠭᠠᠴᠠᠭ᠎ᠠ ᠲᠤᠰᠬᠤᠨ ᠤ ᠬᠤᠶᠠᠷ ᠵᠦᠪᠯᠡᠯ ᠤᠨ ᠬᠤᠭᠤᠴᠠᠭ᠎᠎ᠠ ᠬᠠᠯᠠᠬᠤ ᠠᠵᠢᠯ ᠢ ᠤᠷᠢᠳᠴᠢᠯᠡᠨ ᠲᠦᠯᠤᠪᠯᠡᠬᠦ ᠶᠢ ᠲᠠᠭᠡᠳᠤ ᠭᠡᠮᠵᠢᠶ᠎ᠠ ᠪᠡᠷ ᠴᠢᠬᠤᠯᠠᠴᠢᠯᠠᠨ ᠦᠵᠡᠵᠤ᠂ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠢ ᠨᠦᠯᠤᠭᠡᠯᠡᠵᠤ ᠮᠡᠳᠡᠬᠦ ᠡᠯ᠎ᠠ ᠵᠦᠢᠯ ᠤᠨ ᠬᠦᠴᠤᠨ ᠵᠤᠢᠯ ᠳᠤ ᠬᠠᠨᠳᠤᠯᠭᠠᠳᠤ ᠴᠢᠨᠠᠷ ᠲᠠᠢ ᠠᠷᠭ᠎ᠠ ᠪᠤᠳᠤᠯᠭ᠎ᠠ ᠲᠤᠭᠳᠠᠭᠠᠨ᠂ ᠨᠠᠷᠢᠯᠢᠭ ᠭᠡᠷᠡᠭᠵᠢᠬᠦᠯᠬᠦ ᠶᠢ ᠪᠠᠳᠤᠯᠠᠬᠤ ᠭᠡᠷᠡᠭᠳᠡᠢ᠃ ᠦᠷᠭᠡᠨ ᠶᠢᠠᠷ ᠰᠠᠨᠠᠯ ᠬᠤᠷᠢᠶᠠᠨ᠂ ᠤᠳᠤ ᠲᠤᠰᠢᠶᠠᠯ ᠬᠠᠷᠢᠭᠤᠴᠠᠵᠤ ᠪᠠᠢᠭ᠎ᠠ ᠬᠤᠶᠠᠷ ᠵᠦᠪᠯᠡᠯ ᠤᠨ ᠤᠳᠤᠷᠢᠳᠬᠤ ᠪᠠᠭ ᠤᠨ ᠠᠵᠢᠯ ᠤᠨ ᠪᠠᠢᠳᠠᠯ ᠪᠡ ᠲᠠᠷᠠᠭᠠᠴᠢ ᠶᠢᠨ ᠲᠤᠰᠢᠶᠠᠯ ᠬᠠᠷᠢᠭᠤᠴᠠᠬᠤ ᠬᠤᠶᠠᠷ ᠵᠦᠪᠯᠡᠯ ᠤᠨ ᠤᠳᠤᠷᠢᠳᠬᠤ ᠪᠠᠭ ᠤᠨ ᠪᠦᠷᠢᠯᠳᠤᠯ ᠤᠨ ᠰᠠᠨᠠᠮᠵᠢ ᠶᠢ ᠬᠦᠢᠴᠡᠳ ᠤᠢᠯᠠᠭᠠᠨ ᠡᠵᠡᠮᠰᠢᠵᠤ᠂ 2021ᠤᠨ ᠤ ᠭᠠᠴᠠᠭ᠎ᠠ ᠲᠤᠰᠬᠤᠨ ᠤ ᠨᠠᠮ ᠤᠨ ᠡᠬᠦᠷ ᠤᠨ ᠱᠦᠵᠢ᠂ ᠭᠠᠴᠠᠭᠠᠨ ᠤ ᠠᠷᠠᠳ ᠤᠨ ᠵᠦᠪᠯᠡᠯ ᠤᠨ ᠡᠷᠬᠢᠯᠡᠭᠴᠢ ᠶᠢᠨ《 ᠨᠢᠭᠡ ᠮᠦᠷᠤ ᠶᠢᠠᠷ ᠡᠬᠦᠷᠭᠡᠯᠡᠬᠦ》 ᠶᠢ ᠪᠠᠳᠤᠯᠠᠬᠤ ᠭᠡᠷᠡᠭᠳᠡᠢ᠃ ᠰᠠᠬᠢᠯᠭ᠎ᠠ ᠪᠠᠳᠤ ᠶᠢ ᠴᠢᠩᠭ᠎ᠠ ᠠᠳᠬᠤᠨ᠂ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠲᠤᠮᠳᠠ ᠲᠤᠬᠢᠶᠠᠯᠳᠤᠬᠤ ᠡᠯ᠎ᠠ ᠵᠤᠢᠯ ᠤᠨ ᠰᠠᠬᠢᠯᠭ᠎ᠠ ᠪᠠᠳᠤ ᠶᠢ ᠵᠦᠷᠢᠴᠡᠭᠰᠨᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠤᠨ ᠲᠦᠪ ᠴᠢᠬᠡᠴᠢ ᠪᠠᠢᠬᠤ ᠶᠢ ᠪᠠᠳᠤᠯᠬᠠᠤ ᠭᠡᠷᠡᠭᠳᠡᠢ ᠭᠡᠵᠡᠢ᠃
             ᠬᠤᠷᠠᠯ ᠲᠠᠭᠡᠷ᠎ᠠ᠂ ᠬᠠᠮᠳᠤ ᠶᠢᠨ ᠠᠵᠤ ᠠᠬᠤᠢ ᠶᠢ ᠭᠡᠷᠬᠢᠨ ᠬᠦᠭᠵᠢᠬᠦᠯᠬᠦ ᠲᠤᠬᠠᠢ ᠨᠠᠷᠢᠯᠢᠭ ᠶᠠᠷᠢᠯᠴᠠᠨ ᠰᠤᠯᠢᠯᠴᠠᠪᠠ᠃



ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠦᠵᠡᠯ ᠤᠬᠠᠮᠰᠠᠷ ᠤᠨ ᠭᠡᠯᠪᠡᠷᠢ ᠶᠢᠨ ᠬᠢᠨᠠᠨ ᠪᠠᠢᠴᠠᠭᠠᠵᠤ ᠬᠠᠷᠢᠭᠤ ᠲᠤᠰᠬᠠᠭᠰᠨᠨ ᠠᠰᠠᠭᠤᠳᠠᠯ ᠢ ᠴᠡᠭᠴᠡᠯᠡᠨ ᠵᠠᠰᠠᠬᠤ ᠬᠤᠷᠠᠯ ᠬᠤᠷᠠᠯᠳᠤᠭᠤᠯᠪᠠ
ᠳᠠᠷᠠᠭᠠᠬᠢ᠄ ᠤᠯᠠᠭᠠᠨᠬᠠᠳᠠ ᠬᠤᠳᠠ ᠶᠢᠨ ᠭᠡᠰᠢᠭᠳᠠᠨ ᠬᠤᠰᠢᠭᠤᠨ ᠤ ᠲᠠᠷᠬᠠᠨ ᠠᠭᠤᠯᠨ ᠰᠤᠮᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠭᠤᠷᠢᠨ ᠪᠠᠢᠴᠠᠭᠠᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠰᠤᠷᠤᠯᠴᠠᠨ ᠪᠠᠢᠴᠠᠭᠠᠨ ᠦᠵᠡᠪᠡ