ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠶᠶᠠᠨ ᠤ ᠪᠠᠢᠭᠤᠯᠭ᠎ᠠ《 ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠤ ᠶᠢᠨ ᠬᠠᠤᠯᠢ ᠲᠦᠷᠢᠮ ᠤᠨ ᠭᠡᠷᠡᠭᠵᠢᠬᠦᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠤᠨ ᠲᠤᠭᠳᠠᠭᠠᠯ (ᠲᠤᠷᠰᠢᠨ ᠭᠡᠷᠡᠭᠵᠢᠬᠦᠯᠬᠦ)》᠋ ᠵᠢᠴᠢ ᠰᠦᠯᠵᠢᠶᠠᠨ ᠤ ᠦᠵᠡᠯ ᠤᠬᠠᠮᠰᠠᠷ ᠤᠨ ᠭᠡᠯᠪᠡᠷᠢ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ

8 ᠰᠠᠷ᠎ᠠ ᠶᠢᠨ14᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠨᠠᠮ ᠤᠨ ᠭᠡᠰᠢᠬᠦᠨ ᠺᠠᠳ᠋ᠷ ᠢ ᠵᠤᠬᠢᠶᠠᠨ ᠪᠠᠢᠭᠤᠯᠵᠤ᠂《 ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠤ ᠶᠢᠨ ᠬᠠᠤᠯᠢ ᠲᠦᠷᠢᠮ ᠤᠨ ᠭᠡᠷᠡᠭᠵᠢᠬᠦᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠤᠨ ᠲᠤᠭᠳᠠᠭᠠᠯ(ᠲᠤᠷᠰᠢᠨ ᠭᠡᠷᠡᠭᠵᠢᠬᠦᠯᠬᠦ)》᠋ ᠵᠢᠴᠢ ᠰᠦᠯᠵᠢᠶᠠᠨ ᠤ ᠦᠵᠡᠯ ᠤᠬᠠᠮᠰᠠᠷ ᠤᠨ ᠭᠡᠯᠪᠡᠷᠢ ᠶᠢᠨ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠤ ᠨᠠᠢᠳᠠᠪᠤᠷᠢᠵᠢᠭᠤᠯᠤᠨ᠂ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠵᠤ ᠲᠠᠭᠠᠭᠤᠯᠤᠨ ᠰᠤᠷᠤᠯᠴᠠᠪᠠ᠃

ᠬᠤᠷᠠᠯ ᠡᠴᠨ ᠴᠢᠬᠤᠯᠠᠴᠢᠯᠠᠭᠰᠨᠨ ᠨᠢ᠂ ᠨᠠᠮ ᠤᠨ ᠲᠤᠳᠤᠭᠠᠳᠤ ᠶᠢᠨ ᠬᠠᠤᠯᠢ ᠲᠦᠷᠢᠮ᠋ ᠤᠨ ᠰᠤᠷᠤᠯᠴᠠᠯᠭ᠎ᠠ ᠶᠢ ᠨᠡᠩ ᠴᠢᠬᠤᠯᠨ ᠪᠠᠢᠷᠢᠨ ᠳᠤ ᠲᠠᠯᠪᠢᠵᠤ᠂ ᠰᠤᠷᠤᠯᠴᠠᠯᠭ᠎ᠠ ᠪᠡᠷ ᠲᠠᠮᠵᠢᠨ ᠮᠡᠳᠡᠯᠭᠡ ᠴᠢᠳᠠᠪᠤᠷᠢ ᠪᠠᠨ ᠨᠡᠮᠡᠭᠳᠡᠬᠦᠯᠤᠨ᠂ ᠬᠠᠤᠯᠢ ᠪᠡᠷ ᠵᠠᠰᠠᠬᠤ ᠤᠬᠠᠮᠰᠠᠷ᠂ ᠪᠠᠢᠭᠤᠯᠤᠯ ᠤᠨ ᠤᠬᠠᠮᠰᠠᠷ᠂ ᠰᠠᠬᠢᠯᠭ᠎ᠠ ᠪᠠᠳᠤ ᠶᠢᠨ ᠤᠬᠠᠮᠰᠠᠷ ᠢ ᠪᠤᠢ ᠪᠤᠯᠭᠠᠬᠤ ᠭᠡᠷᠡᠭᠳᠡᠢ᠃ ᠨᠠᠮ ᠤᠨ ᠲᠤᠳᠤᠭᠠᠳᠤ ᠶᠢᠨ ᠬᠠᠤᠯᠢ ᠲᠤᠭᠳᠠᠭᠠᠯ ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠠ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠭᠤᠯᠭ᠎ᠠ ᠶᠢᠨ ᠪᠤᠳᠠᠳᠠᠢ ᠪᠠ ᠲᠤᠬᠠᠢᠯᠠᠭᠰᠨᠨ ᠠᠵᠢᠯ ᠲᠠᠢ ᠪᠠᠨ ᠤᠶᠠᠯᠳᠤᠭᠤᠯᠤᠨ᠂ ᠠᠵᠢᠯ ᠤᠨ ᠦᠷ᠎ᠠ ᠪᠦᠳᠤᠮᠵᠢ ᠪᠠᠨ ᠦᠨᠡᠨᠬᠦ ᠲᠠᠭᠡᠭᠰᠢᠯᠡᠬᠦᠯᠬᠦ ᠭᠡᠷᠡᠭᠳᠡᠢ ᠭᠡᠵᠡᠢ᠃

ᠬᠤᠷᠠᠯ ᠲᠠᠭᠡᠷ᠎ᠠ ᠪᠠᠰᠨ ᠰᠦᠯᠵᠢᠶᠠᠨ ᠤ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠠᠨ ᠤ ᠬᠠᠮᠢᠶ᠎ᠠ ᠪᠦᠬᠦᠢ ᠠᠭᠤᠯᠭ᠎ᠠ ᠶᠢ ᠰᠤᠷᠤᠯᠴᠠᠬᠤ ᠶᠢᠨ ᠬᠠᠮᠳᠤ᠂ ᠭᠡᠷᠬᠢᠨ ᠰᠦᠯᠵᠢᠶᠠᠨ ᠤ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠠᠨ ᠤ ᠠᠶᠤᠯ ᠲᠦᠭᠰᠢᠬᠦᠷᠢ ᠶᠢ ᠰᠡᠷᠬᠡᠢᠯᠡᠨ ᠠᠷᠢᠯᠭᠠᠬᠤ ᠴᠢᠳᠠᠪᠤᠷᠢ ᠪᠠᠨ ᠲᠠᠭᠡᠭᠰᠢᠯᠡᠬᠦᠯᠬᠦ ᠲᠤᠬᠠᠢ ᠪᠤᠳᠠᠳᠠᠢ ᠱᠠᠭᠠᠷᠳᠠᠯᠭ᠎ᠠ ᠲᠤᠷᠠᠳᠴᠠᠢ᠃
ᠬᠠᠮᠤᠭ ᠡᠴᠤᠰ ᠲᠤ《 ᠢᠷᠭᠡᠨ ᠤ ᠬᠠᠤᠯᠢ》᠋ ᠶᠢᠨ ᠮᠡᠳᠡᠯᠭᠡ ᠶᠢᠨ ᠰᠢᠯᠭᠠᠯᠳᠠ ᠬᠢᠪᠡ᠃( ᠳᠠᠢ ᠰᠢᠶᠦᠢᠩ)