ᠤᠳᠤ ᠶᠢᠨ ᠪᠠᠢ᠌ᠷᠢ᠄ ᠴᠢᠬᠤᠯᠠ ᠮᠡᠳᠡᠭᠡ → ᠤᠯᠠᠭᠠᠨᠬᠠᠳᠠ ᠬᠤᠳᠠ ᠶᠢᠨ ᠭᠡᠰᠢᠭᠳᠠᠨ ᠬᠤᠰᠢᠭᠤᠨ ᠤ᠁
ᠤᠯᠠᠭᠠᠨᠬᠠᠳᠠ ᠬᠤᠳᠠ ᠶᠢᠨ ᠭᠡᠰᠢᠭᠳᠠᠨ ᠬᠤᠰᠢᠭᠤᠨ ᠤ ᠲᠠᠷᠬᠠᠨ ᠠᠭᠤᠯᠨ ᠰᠤᠮᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠭᠤᠷᠢᠨ ᠪᠠᠢᠴᠠᠭᠠᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠰᠤᠷᠤᠯᠴᠠᠨ ᠪᠠᠢᠴᠠᠭᠠᠨ ᠦᠵᠡᠪᠡ


        


        

        8 ᠰᠠᠷ᠎ᠠ ᠶᠢᠨ18᠋ ᠤ ᠡᠳᠤᠷ᠂ ᠤᠯᠠᠭᠠᠨᠬᠠᠳᠠ ᠬᠤᠳᠠ ᠶᠢᠨ ᠭᠡᠰᠢᠭᠳᠠᠨ ᠬᠤᠰᠢᠭᠤᠨ ᠤ ᠲᠠᠷᠬᠠᠨ ᠠᠭᠤᠯᠨ ᠰᠤᠮᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠭᠤᠷᠢᠨ ᠪᠠᠢᠴᠠᠭᠠᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠰᠤᠷᠤᠯᠴᠠᠵᠤ ᠪᠠᠢᠴᠠᠭᠠᠨ ᠦᠵᠡᠪᠡ᠃ ᠲᠤᠭᠤᠷᠢᠨ ᠪᠠᠢᠴᠠᠭᠠᠬᠤ ᠲᠤᠭᠤᠢᠯᠠᠩ ᠤᠨ ᠬᠢᠨ ᠤᠷᠢᠳ ᠬᠤᠵᠢᠳ ᠭᠠᠳᠠᠰᠤ ᠦᠷᠡᠰ ᠮᠠᠯᠵᠢᠯ ᠤᠨ ᠲᠠᠯᠠᠪᠠᠢ ᠶᠢᠨ ᠪᠤᠯᠠᠭ ᠴᠠᠭᠠᠨ ᠢᠳᠡᠭᠡ ᠪᠤᠯᠪᠠᠰᠤᠷᠠᠭᠤᠯᠬᠤ ᠡᠷᠤᠭᠡ᠂ ᠵᠢᠶᠠᠩ ᡁᠢ ᠰᠢᠨ ᠰᠠᠭᠠᠯᠢ ᠶᠢᠨ ᠦᠨᠢᠶ᠎ᠠ ᠲᠠᠵᠢᠭᠡᠨ ᠦᠷᠡᠵᠢᠬᠦᠯᠬᠦ ᠲᠠᠯᠠᠪᠠᠢ᠂ ᠱᠤᠸᠠᠩ ᠰᠢᠶᠸ ᠮᠠᠯ ᠠᠵᠤ ᠠᠬᠤᠢ ᠶᠢᠨ ᠬᠤᠷᠰᠢᠶᠠᠵᠢᠯ ᠵᠡᠷᠭᠡ ᠭᠠᠵᠠᠷ ᠲᠤ ᠬᠦᠷᠴᠤ᠂ ᠲᠤᠭᠤᠷᠢᠨ ᠦᠵᠡᠬᠦ ᠪᠡᠷ ᠲᠠᠮᠵᠢᠨ᠂ ᠠᠵᠤ ᠠᠬᠤᠢᠯᠠᠯ ᠤᠨ ᠭᠡᠪᠴᠢᠶ᠎ᠠ᠂ ᠲᠠᠵᠢᠭᠡᠨ ᠦᠷᠡᠵᠢᠬᠦᠯᠬᠦ ᠬᠠᠮᠢᠶᠠᠷᠤᠯᠳᠠ᠂ ᠲᠠᠵᠢᠭᠡᠨ ᠦᠷᠡᠵᠢᠬᠦᠯᠬᠦ ᠲᠦᠷᠤᠯ ᠵᠤᠢᠯ᠂ ᠲᠠᠵᠢᠭᠡᠯ ᠡᠪᠡᠰᠤ ᠪᠤᠷᠳᠤᠭ᠎ᠠ ᠶᠢ ᠲᠤᠬᠢᠷᠠᠭᠤᠯᠤᠨ ᠨᠠᠢᠷᠠᠭᠤᠯᠵᠤ ᠪᠤᠯᠪᠠᠰᠤᠷᠠᠭᠤᠯᠬᠤ᠂ ᠴᠠᠭᠠᠨ ᠢᠳᠡᠭᠡ ᠤᠢᠯᠡᠳᠴᠤ ᠪᠤᠷᠤᠯᠠᠭᠤᠯᠬᠤ ᠵᠡᠷᠭᠡ ᠪᠠᠢᠳᠠᠯ ᠢ ᠨᠠᠷᠢᠨ ᠤᠢᠯᠠᠭᠠᠪᠠ᠃

        


        
           ᠲᠤᠭᠤᠷᠢᠨ ᠪᠠᠢᠴᠠᠭᠠᠨ ᠰᠤᠷᠤᠯᠴᠠᠬᠤ ᠬᠤᠭᠤᠴᠠᠭᠠᠨ ᠳᠤ᠂ ᠲᠤᠭᠤᠷᠢᠨ ᠪᠠᠢᠴᠠᠭᠠᠬᠤ ᠲᠤᠭᠤᠢᠯᠠᠩ ᠤᠨ ᠬᠢᠨ ᠲᠤᠬᠠᠢ ᠶᠢᠨ ᠭᠠᠵᠠᠷ ᠤᠨ ᠮᠠᠯᠴᠢᠳ ᠲᠠᠢ ᠦᠭᠡᠷ ᠤᠨ ᠡᠬᠦᠯᠳᠠᠷ ᠰᠠᠢᠵᠢᠷᠠᠭᠤᠯᠬᠤ ᠵᠢᠴᠢ ᠴᠠᠭᠠᠨ ᠢᠳᠡᠭᠡ ᠪᠤᠯᠪᠠᠰᠤᠷᠠᠭᠤᠯᠬᠤ ᠲᠤᠬᠠᠢ ᠬᠦᠨᠵᠡᠭᠡᠢ ᠶᠠᠷᠢᠯᠴᠠᠨ ᠰᠤᠳᠤᠯᠪᠠ᠃ ᠲᠤᠰ ᠤᠳᠠᠭᠠᠨ ᠤ ᠲᠤᠭᠤᠷᠢᠨ ᠪᠠᠢᠴᠠᠭᠠᠯᠳᠠ ᠨᠢ ᠵᠠᠷᠤᠤᠨ ᠬᠤᠰᠢᠭᠤᠨ ᠤ ᠤᠳᠤ ᠦᠶ᠎ᠡ ᠶᠢᠨ ᠮᠠᠯ ᠠᠵᠤ ᠠᠬᠤᠢ ᠶᠢᠨ ᠭᠡᠪᠴᠢᠶᠠᠵᠢᠯ᠂ ᠪᠠᠷᠢᠮᠵᠢᠶᠠᠵᠢᠯᠳᠠ᠂ ᠠᠮᠢ ᠠᠬᠤᠢᠵᠢᠯᠳᠠ ᠪᠠ ᠤᠶᠤᠨᠴᠢᠯᠠᠯᠳᠠ ᠶᠢᠨ ᠲᠠᠯ᠎ᠠ ᠶᠢᠨ ᠤᠢᠯᠠᠭᠠᠯᠳᠠ ᠶᠢ ᠤᠯᠠᠮ ᠨᠢᠭᠡ ᠠᠯᠬᠤᠮ ᠨᠡᠮᠡᠭᠳᠡᠬᠦᠯᠵᠤ᠂ ᠰᠤᠷᠤᠯᠴᠠᠵᠤ ᠯᠠᠪᠯᠠᠯᠳᠠ ᠪᠤᠯᠭᠠᠵᠤ ᠪᠤᠯᠤᠨ᠎ᠡ ᠭᠡᠵᠤ ᠢᠯᠡᠷᠭᠡᠢᠯᠡᠵᠡᠭᠡᠪᠡ᠃ ᠤᠳᠤ ᠦᠶ᠎ᠠ ᠶᠢᠨ ᠮᠠᠯ ᠠᠵᠤ ᠠᠬᠤᠢ ᠶᠢᠨ ᠲᠠᠰ ᠲᠠᠪᠰᠢᠬᠦᠯᠬᠦ ᠭᠡᠯᠪᠡᠷᠢ ᠶᠢᠨ ᠰᠠᠢᠨ ᠲᠤᠷᠰᠢᠯᠭ᠎ᠠ᠂ ᠰᠠᠢᠨ ᠬᠢᠳᠠᠯ ᠲᠠᠢ ᠤᠶᠠᠯᠳᠤᠭᠤᠯᠤᠨ᠂ ᠠᠵᠢᠯ ᠤ ᠰᠡᠳᠬᠢᠴᠨ ᠪᠠᠨ ᠤᠯᠠᠮ ᠨᠢᠭᠡ ᠠᠯᠬᠤᠮ ᠦᠷᠭᠡᠳᠭᠡᠵᠤ᠂ ᠡᠷᠴᠢᠮ ᠶᠢᠠᠨ ᠴᠢᠩᠭᠠᠷᠠᠭᠤᠯᠤᠨ᠂ ᠲᠤᠬᠠᠢ ᠶᠢᠨ ᠭᠠᠵᠠᠷ ᠤᠨ ᠬᠦᠭᠵᠢᠯᠳᠠ ᠳᠤ ᠲᠤᠬᠢᠷᠠᠬᠤ ᠰᠡᠳᠬᠢᠴᠨ ᠶᠢ ᠨᠠᠷᠢᠨ ᠬᠢᠨᠠᠮᠠᠭᠠᠢ ᠰᠦᠪᠡᠭᠴᠢᠯᠠᠵᠤ᠂ ᠭᠡᠰᠢᠭᠳᠡᠨ ᠬᠤᠰᠢᠭᠤᠨ ᠤ ᠮᠠᠯ ᠠᠵᠤ ᠠᠬᠤᠢ ᠶᠢᠨ ᠠᠵᠤ ᠠᠬᠤᠢᠯᠠᠯ ᠤᠨ ᠲᠦᠷᠭᠡᠨ ᠬᠦᠭᠵᠢᠯᠳᠠ ᠶᠢ ᠲᠦᠯᠬᠢᠨ ᠠᠬᠢᠭᠤᠯᠬᠤ ᠶᠢᠨ ᠬᠠᠮᠳᠤ᠂ ᠬᠤᠶᠠᠷ ᠭᠠᠵᠠᠷ ᠤᠨ ᠬᠤᠭᠤᠷᠤᠨᠳᠤᠬᠢ ᠶᠠᠪᠤᠯᠴᠠᠭ᠎ᠠ᠂ ᠨᠡᠪᠳᠡᠷᠡᠯᠴᠡᠭᠡ ᠬᠠᠷᠢᠯᠴᠠᠭ᠎ᠠ ᠪᠠᠨ ᠤᠯᠠᠮ ᠨᠢᠭᠡ ᠠᠯᠬᠤᠮ ᠨᠢᠭᠳᠠᠷᠠᠭᠤᠯᠤᠨ᠂ ᠬᠠᠷᠢᠯᠴᠠᠨ ᠰᠤᠷᠤᠯᠴᠠᠵᠤ᠂ ᠮᠠᠯ ᠠᠵᠤ ᠠᠬᠤᠢ ᠶᠢᠨ ᠪᠤᠬᠢᠷᠳᠤᠯ ᠦᠭᠡᠢ ᠡᠷᠡᠬᠦᠯ ᠶᠢᠠᠷ ᠬᠦᠭᠵᠢᠬᠦ ᠶᠢ ᠬᠠᠮᠳᠤᠪᠠᠷ ᠠᠬᠢᠭᠤᠯᠤᠨ᠎ᠡ ᠭᠡᠵᠡᠢ᠃


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ ᠪᠠᠶᠠᠷᠳᠤᠬᠤᠰᠢᠭᠤ ᠪᠠᠯᠭᠠᠰᠤᠨ ᠳᠤ ᠠᠵᠢᠯ ᠤᠨ ᠪᠠᠢᠴᠠᠭᠠᠨ ᠰᠤᠳᠤᠯᠤᠯᠳᠠ ᠵᠢᠯᠤᠭᠤᠳᠤᠯᠭ᠎ᠠ ᠬᠢᠪᠡ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠬᠤᠳᠠ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠲᠤᠰᠬᠠᠢ ᠲᠦᠷᠤᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠪᠠᠢᠩᠭᠤᠵᠢᠭᠤᠯᠤᠨ ᠦᠷᠨᠢᠬᠦᠯᠵᠤ ᠬᠠᠷᠢᠭᠤᠴᠠᠯᠭ᠎ᠠ ᠶᠢᠨ ᠤᠷᠤᠨ ᠤ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠴᠡᠭᠴᠡᠯᠡᠨ ᠵᠠᠰᠠᠬᠤ ᠬᠦᠴᠤᠯᠡᠴᠨ ᠪᠠᠨ ᠦᠷᠬᠦᠯᠵᠢᠯᠡᠨ ᠨᠡᠮᠡᠭᠳᠡᠬᠦᠯᠪᠡ