ᠤᠳᠤ ᠶᠢᠨ ᠪᠠᠢ᠌ᠷᠢ᠄ ᠴᠢᠬᠤᠯᠠ ᠮᠡᠳᠡᠭᠡ → ᠬᠢᠷᠢᠨ ᠮᠤᠵᠢ ᠶᠢᠨ ᠪᠠᠢᠴᠸᠩ ᠬᠤᠳᠠ ᠶᠢᠨ᠁
ᠬᠢᠷᠢᠨ ᠮᠤᠵᠢ ᠶᠢᠨ ᠪᠠᠢᠴᠸᠩ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠤᠭᠤᠷᠢᠨ ᠪᠠᠢᠴᠠᠭᠠᠬᠤ ᠲᠤᠭᠤᠢᠯᠠᠩ ᠮᠠᠨ ᠤ ᠬᠤᠰᠢᠭᠤᠨ ᠤ ᠲᠠᠤᠭᠡ ᠶᠢᠨ ᠪᠠᠭᠤᠷᠢ ᠶᠢ ᠬᠠᠮᠠᠭᠠᠯᠠᠬᠤ ᠠᠵᠢᠯ ᠢ ᠲᠤᠭᠤᠷᠢᠨ ᠦᠵᠡᠪᠡ


        

       8 ᠰᠠᠷ᠎ᠠ ᠶᠢᠨ 24᠋ ᠤ ᠡᠳᠤᠷ᠂ ᠬᠢᠷᠢᠨ ᠮᠤᠵᠢ ᠶᠢᠨ ᠪᠠᠢᠴᠸᠩ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠲᠠᠳ᠋ ᠱᠦᠵᠢ᠂ ᠲᠠᠳ᠋ ᠡᠷᠬᠢᠯᠡᠭᠴᠢ ᠰᠢᠤᠢ ᠭᠤᠸᠠᠩ ᠱᠠᠨ ᠲᠤᠭᠤᠷᠢᠨ ᠪᠠᠢᠴᠠᠭᠠᠬᠤ ᠲᠤᠭᠤᠢᠯᠠᠩ᠋᠋ ᠶᠢᠠᠨ ᠲᠠᠭᠠᠭᠤᠯᠤᠨ ᠮᠠᠨ ᠤ ᠬᠤᠰᠢᠭᠤᠨ ᠤ ᠲᠠᠤᠭᠡ ᠶᠢᠨ ᠪᠠᠭᠤᠷᠢ ᠶᠢ ᠬᠠᠮᠠᠭᠠᠯᠠᠬᠤ ᠠᠵᠢᠯ ᠢ ᠲᠤᠭᠤᠷᠢᠨ ᠦᠵᠡᠪᠡ᠃ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠢᠤᠢ ᠹᠸᠩ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ᠂ ᠲᠠᠳ᠋ ᠡᠷᠬᠢᠯᠡᠭᠴᠢ ᠡᠤ ᠰᠢᠶᠤᠤ ᠵᠢᠴᠢ ᠬᠤᠳᠠ ᠬᠤᠰᠢᠭᠤ ᠬᠤᠶᠠᠷ ᠱᠠᠳᠤᠨ ᠤ ᠬᠠᠮᠢᠶ᠎ᠠ ᠪᠦᠬᠦᠢ ᠪᠠᠢᠭᠤᠯᠭ᠎ᠠ ᠶᠢᠨ ᠬᠠᠷᠢᠭᠤᠴᠠᠯᠭᠠᠳᠠᠨ ᠪᠠᠷ᠎ᠠ ᠪᠤᠯᠪᠠ᠃

        
            ᠲᠤᠭᠤᠷᠢᠨ ᠪᠠᠢᠴᠠᠭᠠᠬᠤ ᠲᠤᠭᠤᠢᠯᠠᠩ ᠤᠨ ᠬᠢᠨ ᠡᠮᠤᠨ᠎᠎ᠡ ᠪᠤᠯᠠᠭᠳᠤ ᠮᠦᠽᠸᠢ ᠶᠢ ᠲᠤᠭᠤᠷᠢᠨ ᠦᠵᠡᠵᠤ᠂ ᠮᠠᠨ ᠤ ᠬᠤᠰᠢᠭᠤᠨ ᠤ ᠲᠠᠤᠭᠡ ᠶᠢᠨ ᠦᠯᠡᠳᠡᠭᠳᠡᠯ ᠢ ᠬᠠᠮᠠᠭᠠᠯᠠᠬᠤ ᠠᠵᠢᠯ ᠦᠷᠨᠢᠬᠦᠯᠦᠭᠰᠨᠨ ᠪᠠᠢᠳᠠᠯ ᠤᠨ ᠲᠠᠨᠢᠯᠴᠠᠭᠤᠯᠭ᠎ᠠ ᠶᠢ ᠰᠤᠨᠤᠰᠤᠨ᠂ ᠪᠠᠭᠤᠷᠢ ᠬᠠᠮᠠᠭᠠᠯᠠᠬᠤ ᠶᠠᠪᠤᠴᠨ ᠳᠡᠬᠢ ᠰᠠᠢᠨ ᠲᠤᠷᠰᠢᠯᠭ᠎ᠠ ᠪᠠ ᠠᠷᠭ᠎ᠠ ᠠᠪᠴᠠᠯ ᠢ ᠨᠠᠷᠢᠨ ᠤᠢᠯᠠᠭᠠᠬᠤ ᠶᠢᠨ ᠬᠠᠮᠳᠤ᠂ ᠲᠠᠤᠭᠡ ᠶᠢᠨ ᠪᠠᠭᠤᠷᠢ ᠶᠢ ᠬᠠᠮᠠᠭᠠᠯᠠᠬᠤ ᠠᠵᠢᠯ ᠤᠨ ᠲᠤᠬᠠᠢ ᠰᠤᠳᠤᠯᠤᠨ ᠶᠠᠷᠢᠯᠴᠠᠵᠤ ᠰᠠᠨᠠᠯ ᠰᠤᠯᠢᠯᠴᠠᠪᠠ᠃

        
            ᠲᠤᠭᠤᠷᠢᠨ ᠪᠠᠢᠴᠠᠭᠠᠬᠤ ᠲᠤᠭᠤᠢᠯᠠᠩ ᠡᠴᠨ ᠮᠠᠨ ᠤ ᠬᠤᠰᠢᠭᠤᠨ ᠤ ᠪᠠᠭᠤᠷᠢ ᠬᠠᠮᠠᠭᠠᠯᠠᠬᠤ ᠠᠵᠢᠯ ᠢ ᠲᠠᠭᠡᠳᠤ ᠭᠡᠮᠵᠢᠶ᠎ᠠ ᠪᠡᠷ ᠦᠨᠡᠯᠡᠬᠦ ᠶᠢᠨ ᠬᠠᠮᠳᠤ᠂ ᠮᠠᠨ ᠤ ᠬᠤᠰᠢᠭᠤᠨ ᠤ ᠲᠠᠤᠭᠡ ᠶᠢᠨ ᠪᠠᠭᠤᠷᠢ ᠬᠠᠮᠠᠭᠠᠯᠠᠬᠤ ᠠᠵᠢᠯ ᠤᠨ ᠲᠠᠯ᠎ᠠ ᠪᠡᠷ ᠬᠢ ᠰᠠᠢᠨ ᠲᠤᠷᠰᠢᠯᠭ᠎ᠠ ᠪᠠ ᠬᠢᠳᠠᠯ ᠪᠠᠷᠢᠯ ᠢ ᠰᠤᠷᠤᠯᠴᠠᠨ᠂ ᠪᠤᠳᠠᠳᠠᠢ ᠠᠵᠢᠯ ᠤᠨ ᠲᠤᠮᠳᠠ ᠪᠠᠨ ᠲᠠᠯᠭᠡᠷᠡᠬᠦᠯᠤᠨ ᠭᠡᠷᠡᠭᠯᠡᠵᠤ᠂ ᠪᠠᠢᠴᠸᠩ ᠬᠤᠳᠠ ᠶᠢᠨ ᠲᠠᠤᠭᠡ ᠶᠢᠨ ᠪᠠᠭᠤᠷᠢ ᠶᠢ ᠬᠠᠮᠠᠭᠠᠯᠠᠬᠤ ᠠᠵᠢᠯ ᠶᠢᠠᠨ ᠰᠠᠢᠳᠤᠷ ᠬᠢᠨ᠎ᠡ ᠭᠡᠵᠤ ᠢᠯᠡᠷᠭᠡᠢᠯᠡᠵᠡᠭᠡᠪᠡ᠃ ᠬᠤᠶᠠᠷ ᠭᠠᠵᠠᠷ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠰᠤᠯᠢᠯᠴᠠᠭ᠎ᠠ ᠬᠠᠮᠵᠢᠯᠴᠠᠭ᠎ᠠ ᠪᠠᠨ ᠴᠢᠩᠭ᠎ᠠ ᠠᠳᠬᠤᠵᠤ᠂ ᠬᠠᠷᠢᠯᠴᠠᠨ ᠰᠤᠷᠤᠯᠴᠠᠨ᠂ ᠬᠠᠷᠢᠯᠴᠠᠨ ᠯᠠᠪᠯᠠᠯᠳᠠ ᠪᠤᠯᠭᠠᠵᠤ᠂ ᠬᠠᠷᠢᠯᠴᠠᠨ ᠠᠬᠢᠭᠤᠯᠤᠨ᠂ ᠬᠠᠮᠳᠤᠪᠠᠷ ᠲᠠᠭᠡᠭᠰᠢᠯᠡᠵᠤ᠂ ᠬᠤᠶᠠᠷ ᠭᠠᠵᠠᠷ ᠤᠨ ᠠᠵᠤ ᠠᠬᠤᠢ ᠨᠡᠢᠭᠡᠮ ᠤᠨ ᠴᠢᠨᠠᠷ ᠰᠠᠢᠳᠠᠢ ᠬᠦᠭᠵᠢᠯᠳᠠ ᠳᠤ ᠬᠤᠪᠢ ᠨᠡᠮᠡᠷᠢ ᠪᠠᠨ ᠦᠵᠡᠬᠦᠯᠤᠨ᠎ᠡ ᠭᠡᠪᠡ᠃


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠬᠤᠳᠠ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠲᠤᠰᠬᠠᠢ ᠲᠦᠷᠤᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠪᠠᠢᠩᠭᠤᠵᠢᠭᠤᠯᠤᠨ ᠦᠷᠨᠢᠬᠦᠯᠵᠤ ᠬᠠᠷᠢᠭᠤᠴᠠᠯᠭ᠎ᠠ ᠶᠢᠨ ᠤᠷᠤᠨ ᠤ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠴᠡᠭᠴᠡᠯᠡᠨ ᠵᠠᠰᠠᠬᠤ ᠬᠦᠴᠤᠯᠡᠴᠨ ᠪᠠᠨ ᠦᠷᠬᠦᠯᠵᠢᠯᠡᠨ ᠨᠡᠮᠡᠭᠳᠡᠬᠦᠯᠪᠡ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠪᠠᠶᠠᠨᠰᠠᠩ ᠦᠨᠳ᠋ᠦᠰᠦᠨ ᠱᠠᠳ᠋ᠤᠨ ᠳ᠋ᠥ ᠭᠦᠨᠵᠡᠭᠡᠢ᠌ᠷᠡᠵᠦ ᠪᠠᠢ᠌ᠴᠠᠭᠠᠨ ᠰᠤᠳ᠋ᠤᠯᠤᠯᠳ᠋ᠠ ᠬᠢᠭ᠍ᠰᠡᠨ