ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠪᠠᠶᠠᠨᠰᠠᠩ ᠦᠨᠳ᠋ᠦᠰᠦᠨ ᠱᠠᠳ᠋ᠤᠨ ᠳ᠋ᠥ ᠭᠦᠨᠵᠡᠭᠡᠢ᠌ᠷᠡᠵᠦ ᠪᠠᠢ᠌ᠴᠠᠭᠠᠨ ᠰᠤᠳ᠋ᠤᠯᠤᠯᠳ᠋ᠠ ᠬᠢᠭ᠍ᠰᠡᠨ

               

              8ᠰᠠᠷ᠎ᠠ ᠶᠢᠨ25 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠪᠠᠶᠠᠨᠰᠠᠩ ᠤᠷᠢ᠍ᠳ ᠬᠤᠵᠢ᠍ᠳ ᠪᠠᠶᠠᠷᠲᠤᠬᠤᠰᠢ᠍ᠭᠤ ᠪᠠᠯᠭᠠᠰᠤᠨ ᠤ ᠬᠤᠪᠤᠯᠳ᠋ᠤ ᠭᠠᠴᠠᠭ᠎ᠠ᠂ ᠤᠯᠠᠭᠠᠨᠬᠠᠳ᠋ᠠ ᠰᠤᠮᠤ ᠶᠢᠨ ᠬᠤᠩᠬᠤᠳ᠋ᠤ ᠭᠠᠴᠠᠭ᠎ᠠ ᠵᠡᠷᠭᠡ ᠭᠠᠵᠠᠷ ᠲᠣ ᠬᠦᠷᠴᠦ᠂ ᠶᠠᠳ᠋ᠠᠭᠤ ᠡᠴᠨ ᠠᠩᠭᠢᠵᠢ᠍ᠷᠠᠭᠤᠯᠤᠨ ᠪᠡᠬᠢᠯᠡᠯᠳ᠋ᠡ ᠰᠢ᠍ᠪᠲᠤᠯᠬᠤ ᠠᠵᠢ᠍ᠯ᠂ ᠬᠦᠳ᠋ᠡᠭᠡ ᠲᠤᠰᠬᠤᠨ ᠢ ᠬᠦᠭ᠍ᠵᠢ᠍ᠬᠦᠯᠦᠨ ᠮᠠᠨᠳ᠋ᠤᠭᠤᠯᠬᠤ᠂ ᠨᠡᠭᠦᠯᠭᠡᠨ ᠰᠢ᠍ᠯᠵᠢ᠍ᠬᠦᠯᠬᠦ ᠪᠤᠯᠤᠨ ᠭᠠᠷ ᠤᠷᠠᠯᠠᠯ ᠤᠨ ᠠᠵᠢ᠍ᠯ ᠳ᠋ᠥ ᠪᠠᠢ᠌ᠴᠠᠭᠠᠨ ᠰᠤᠳ᠋ᠤᠯᠤᠯᠳ᠋ᠠ ᠬᠢᠭ᠍ᠰᠡᠨ ᠪᠠᠢ᠌ᠨ᠎ᠠ᠃

            

             

            ᠪᠠᠶᠠᠷᠲᠤᠬᠤᠰᠢ᠍ᠭᠤ ᠪᠠᠯᠭᠠᠰᠤᠨ ᠤ ᠬᠤᠪᠤᠯᠳ᠋ᠤ ᠭᠠᠴᠠᠭ᠎ᠠ ᠳ᠋ᠥ ᠠᠵᠢ᠍ᠯ ᠪᠠᠢ᠌ᠴᠠᠭᠠᠬᠤ ᠳ᠋ᠥ ᠪᠠᠨ ᠪᠠᠶᠠᠨᠰᠠᠩ ᠱᠠᠭᠠᠷᠳ᠋ᠠᠭᠰᠠᠨ ᠨᠢ᠂ ᠲᠤᠬᠠᠢ ᠶᠢᠨ ᠭᠠᠵᠠᠷ ᠤᠨ ᠬᠠᠮᠢ᠍ᠶ᠎ᠠ ᠪᠦᠬᠦᠢ ᠬᠠᠷᠢ᠍ᠭᠤᠴᠠᠯᠭᠠᠳ᠋ᠠᠨ ᠬᠤᠷᠰᠢ᠍ᠶᠠᠵᠢ᠍ᠯ ᠤᠨ ᠲᠦ᠋ᠷᠦᠯ ᠵᠦ᠋ᠢ᠍ᠯ ᠦᠨ ᠪᠦᠲᠦᠭᠡᠨ ᠪᠠᠢ᠌ᠭᠤᠯᠤᠯᠳ᠋ᠠ ᠶᠢᠨ ᠠᠵᠢ᠍ᠯ ᠢ ᠳᠡᠭᠡᠳ᠋ᠦ ᠬᠡᠮᠵᠢ᠍ᠶ᠎ᠠ ᠪᠡᠷ ᠴᠢ᠍ᠬᠤᠯᠠᠴᠢ᠍ᠯᠠᠨ ᠦᠵᠡᠵᠦ᠂ ᠲᠤᠯᠭᠠᠷᠠᠵᠤ ᠪᠠᠢ᠌ᠭ᠎ᠠ ᠠᠰᠠᠭᠤᠳ᠋ᠠᠯ ᠢ ᠨᠢ ᠴᠠᠭ ᠲᠤᠬᠠᠢ ᠳ᠋ᠥ ᠨᠢ ᠬᠠᠪᠰᠤᠷᠤᠨ ᠰᠢ᠌ᠳᠪᠦᠷᠢ᠍ᠯᠡᠵᠦ᠂ ᠲᠦ᠋ᠷᠦᠯ ᠵᠦ᠋ᠢ᠍ᠯ ᠦᠨ ᠪᠦᠲᠦᠭᠡᠨ ᠪᠠᠢ᠌ᠭᠤᠯᠤᠯᠳ᠋ᠠ ᠶᠢᠨ ᠦᠢ᠍ᠯᠡᠴᠢ᠍ᠯᠡᠭᠡ ᠪᠠᠳ᠋ᠤᠯᠠᠭ᠎ᠠ ᠶᠢᠨ ᠠᠵᠢ᠍ᠯ ᠢ ᠪᠦᠬᠦ ᠬᠦᠴᠦᠨ ᠶᠢᠡᠷ ᠰᠠᠢ᠌ᠳ᠋ᠤᠷ ᠬᠢᠬᠦ ᠬᠡᠷᠡᠭ᠍ᠲᠡᠢ᠂ ᠡᠷᠬᠡᠪᠰᠢ ᠠᠮᠤᠷ ᠲᠦ᠋ᠪᠰᠢ᠍ᠨ  ᠪᠠ ᠲᠦ᠋ᠷᠦᠯ ᠵᠦ᠋ᠢ᠍ᠯ ᠦᠨ ᠴᠢ᠍ᠨᠠᠷ ᠢ ᠪᠠᠳ᠋ᠤᠯᠠᠭᠰᠠᠨ ᠤᠷᠢ᠍ᠳ᠋ᠠᠯ ᠲᠤᠤᠷ᠎ᠠ᠂ ᠪᠠᠷᠢ᠍ᠯᠭ᠎ᠠ ᠶᠢᠨ ᠠᠵᠢ᠍ᠯ ᠶᠢᠡᠨ ᠲᠦ᠋ᠷᠭᠡᠳᠭᠡᠨ᠂ ᠲᠦ᠋ᠷᠦᠯ ᠵᠦ᠋ᠢ᠍ᠯ ᠢ ᠲᠤᠭᠳ᠋ᠠᠭᠰᠠᠨ ᠴᠠᠭ ᠲᠣ ᠨᠢ ᠠᠰᠢ᠍ᠭᠯᠠᠯᠳ᠋ᠠ ᠳ᠋ᠥ ᠤᠷᠤᠭᠤᠯᠵᠤ᠂ ᠦᠷ᠎ᠠ ᠪᠦᠲᠦᠮᠵᠢ ᠤᠯᠭᠤᠨ᠂ ᠭᠠᠴᠠᠭᠠᠨ ᠤ ᠬᠠᠮᠳ᠋ᠤ ᠶᠢᠨ ᠠᠵᠤ ᠠᠬᠤᠢ ᠶᠢ ᠲᠠᠰᠤᠷᠠᠯᠳ᠋ᠠ ᠦᠭᠡᠶ ᠪᠤᠵᠠᠭᠠᠢ᠌ᠷᠠᠭᠤᠯᠬᠤ ᠬᠡᠷᠡᠭ᠍ᠲᠡᠢ ᠭᠡᠵᠡᠢ᠃

            

            ᠤᠯᠠᠭᠠᠨᠬᠠᠳ᠋ᠠ ᠰᠤᠮᠤ ᠳ᠋ᠥ ᠪᠠᠢ᠌ᠴᠠᠭᠠᠨ ᠰᠤᠳ᠋ᠤᠯᠤᠯᠳ᠋ᠠ ᠬᠢᠬᠦ ᠳ᠋ᠥ ᠪᠠᠨ᠂ ᠪᠠᠶᠠᠨᠰᠠᠩ ᠡᠷᠬᠢᠯᠡᠭ᠍ᠴᠢ ᠡᠴᠨ ᠰᠤᠮᠤᠨ ᠤ ᠨᠡᠬᠦᠯᠭᠡᠨ ᠰᠢ᠍ᠯᠵᠢ᠍ᠬᠦᠯᠬᠦ ᠠᠵᠢ᠍ᠯ ᠤᠨ ᠠᠬᠢᠴᠠ ᠶᠢᠨ ᠪᠠᠢ᠌ᠳ᠋ᠠᠯ ᠤᠨ ᠬᠠᠷᠢ᠍ᠭᠤ ᠮᠡᠳ᠋ᠡᠬᠦᠯᠦᠯᠳ᠋ᠡ ᠶᠢ ᠰᠤᠨᠤᠰᠬᠤ ᠶᠢᠨ ᠬᠠᠮᠳ᠋ᠤ ᠱᠠᠭᠠᠷᠳ᠋ᠠᠭᠰᠠᠨ ᠨᠢ᠂ ᠡᠷᠬᠡᠪᠰᠢ ᠲᠦ᠋ᠷᠦ ᠶᠢᠨ ᠪᠤᠳ᠋ᠤᠯᠭ᠎ᠠ ᠶᠢᠨ ᠤᠬᠠᠭᠤᠯᠭ᠎ᠠ ᠶᠢᠨ ᠬᠦᠴᠦᠯᠡᠴᠡ ᠪᠡᠨ ᠴᠢ᠍ᠩᠭ᠋ᠠᠳᠬᠠᠨ᠂ ᠤᠯᠠᠨ ᠲᠦ᠋ᠮᠡᠨ ᠦ ᠦᠵᠡᠯ ᠰᠠᠨᠠᠭ᠎ᠠ ᠶᠢ ᠳᠠᠢ᠌ᠴᠢ᠍ᠯᠠᠬᠤ ᠠᠵᠢ᠍ᠯ ᠢ ᠰᠠᠢ᠌ᠲᠤᠷ ᠬᠢᠵᠦ᠂ ᠬᠠᠮᠢ᠍ᠶ᠎ᠠ ᠪᠦᠬᠦᠢ ᠲᠦ᠋ᠷᠦ ᠶᠢᠨ ᠪᠤᠳ᠋ᠤᠯᠭ᠎ᠠ ᠶᠢ ᠨᠠᠷᠢ᠍ᠯᠢ᠍ᠭ ᠤᠨᠤᠪᠴᠢ᠍ᠲᠠᠢ ᠶᠠᠷᠢ᠍ᠵᠤ ᠲᠠᠢ᠌ᠯᠪᠦᠷᠢ᠍ᠯᠡᠨ᠂ ᠬᠠᠨᠳ᠋ᠤᠯᠭᠠᠲᠤ ᠴᠢ᠍ᠨᠠᠷ ᠲᠡᠶ ᠪᠡᠷ ᠠᠵᠢ᠍ᠯ ᠶᠢᠡᠨ ᠦᠷᠨᠢᠬᠦᠯᠵᠤ᠂ ᠤᠳ᠋ᠦ ᠪᠡᠷ᠎᠎ ᠎ᠵᠢᠠᠨ ᠨᠡᠬᠦᠬᠦ ᠰᠠᠨᠠᠭ᠎ᠠ ᠵᠤᠷᠢ᠍ᠯᠭ᠎ᠠ ᠲᠡᠶ ᠪᠠᠢ᠌ᠭ᠎ᠠ ᠤᠯᠠᠨ ᠲᠦ᠋ᠮᠡᠨ ᠢ ᠳᠠᠷᠦᠢ ᠳ᠋ᠥ ᠨᠢ ᠳᠠᠢ᠌ᠴᠢ᠍ᠯᠠᠵᠤ᠂ ᠬᠠᠮᠢ᠍ᠶ᠎ᠠ ᠪᠦᠬᠦᠢ ᠭᠠᠷ ᠭᠦᠢ᠍ᠴᠡᠳᠭᠡᠯ ᠢ ᠨᠢ ᠡᠷᠲᠡᠬᠡᠨ ᠭᠦᠢ᠍ᠴᠡᠳᠭᠡᠨ᠂ ᠤᠯᠠᠨ ᠲᠦ᠋ᠮᠡᠨ ᠦ ᠠᠮᠤᠷ ᠲᠤᠭᠳ᠋ᠠᠭᠤᠨ ᠪᠠᠶᠠᠷ ᠪᠠᠶᠠᠰᠬᠤᠯᠠᠩ ᠲᠡᠶ ᠤᠷᠤᠰᠢ᠍ᠨ ᠰᠠᠭᠤᠬᠤ ᠶᠢ ᠨᠢ ᠪᠠᠲᠤᠯᠠᠬᠤ ᠬᠡᠷᠡᠭ᠍ᠲᠡᠢ ᠭᠡᠵᠡᠢ᠃

          

          ᠤᠯᠠᠭᠠᠨᠬᠠᠳ᠋ᠠ ᠰᠤᠮᠤ ᠶᠢᠨ ᠬᠤᠩᠬᠤᠳ᠋ᠤ ᠶᠢᠨ ᠭᠠᠴᠠᠭ᠎ᠠ ᠶᠢᠨ ᠦᠭᠡᠯᠦᠨ ᠭᠠᠷ ᠤᠷᠠᠯᠠᠯ ᠤᠨ ᠲᠤᠰᠬᠠᠢ ᠬᠤᠷᠰᠢ᠍ᠶᠠᠵᠢ᠍ᠯ ᠳ᠋ᠥ ᠪᠠᠢ᠌ᠴᠠᠭᠠᠨ ᠰᠤᠳ᠋ᠤᠯᠤᠯᠳ᠋ᠠ ᠬᠢᠬᠦ ᠳ᠋ᠥ ᠪᠠᠨ ᠪᠠᠶᠠᠨᠰᠠᠩ ᠡᠷᠬᠢᠯᠡᠭ᠍ᠴᠢ ᠱᠠᠭᠠᠷᠳ᠋ᠠᠭᠰᠠᠨ ᠨᠢ᠂ ᠡᠷᠬᠡᠪᠰᠢ ᠶᠠᠳ᠋ᠠᠭᠤ ᠶᠢ ᠲᠡᠳᠬᠦᠬᠦ ᠠᠵᠢ᠍ᠯ ᠤᠯᠭᠤᠯᠳ᠋ᠠ ᠶᠢᠨ ᠳᠠᠪᠠᠭᠤᠯᠢ᠍ᠭ ᠢ ᠬᠦᠢ᠍ᠴᠡᠳ ᠪᠠᠳ᠋ᠠᠷᠠᠭᠤᠯᠤᠨ᠂ ᠭᠠᠴᠠᠭᠠᠨ ᠤ ᠠᠷᠠᠳ ᠤᠨ ᠢᠳ᠋ᠡᠪᠬᠢᠵᠢ᠍ᠯ ᠢ ᠬᠦᠭ᠍ᠵᠢ᠍ᠭᠡᠵᠦ᠂ ᠦᠨᠳ᠋ᠦᠰᠦᠲᠡᠨ ᠦ ᠤᠨᠴᠠᠯᠢ᠍ᠭ ᠲᠡᠶ ᠠᠵᠤ ᠦᠢ᠍ᠯᠡᠰ ᠢ ᠲᠠᠰᠤᠷᠠᠯᠳ᠋ᠡ ᠦᠭᠡᠶ ᠲᠦ᠋ᠯᠬᠢᠨ ᠠᠬᠢᠭᠤᠯᠵᠦ ᠬᠦᠭ᠍ᠵᠢ᠍ᠭᠦᠯᠦᠨ᠂ ᠬᠦᠳ᠋ᠡᠭᠡ ᠲᠤᠰᠬᠤᠨ ᠢ ᠭᠦᠭ᠍ᠵᠢ᠍ᠬᠦᠯᠦᠨ ᠮᠠᠨᠳ᠋ᠤᠭᠤᠯᠬᠤ ᠪᠠᠢ᠌ᠯᠳ᠋ᠤᠬᠤ ᠪᠤᠳ᠋ᠤᠯᠭ᠎ᠠ ᠳ᠋ᠥ ᠬᠦᠴᠦᠨ ᠨᠡᠮᠡᠷᠢ᠍ᠯᠡᠬᠦ ᠬᠡᠷᠡᠭ᠍ᠲᠡᠢ᠂ ᠡᠷᠬᠡᠪᠰᠢ ᠰᠤᠷᠤᠯᠴᠠᠯᠭ᠎ᠠ ᠰᠤᠯᠢ᠍ᠯᠴᠠᠭ᠎ᠠ ᠪᠠᠨ ᠴᠢ᠍ᠩᠭ᠋ᠠᠳᠬᠠᠨ᠂ ᠲᠡᠷᠢ᠍ᠬᠦᠨ ᠦ ᠭᠠᠵᠠᠷ ᠤᠷᠤᠨ ᠤ ᠲᠤᠷᠰᠢ᠍ᠯᠭ᠎ᠠ ᠶᠢ ᠬᠤᠷᠠᠮᠳ᠋ᠤᠭᠤᠯᠵᠦ᠂ ᠠᠵᠢ᠍ᠯ ᠤᠨ ᠠᠷᠭ᠎ᠠ ᠠᠪᠴᠠᠯ ᠶᠢᠡᠨ ᠰᠠᠢ᠌ᠵᠢ᠍ᠷᠠᠭᠤᠯᠤᠨ᠂ ᠬᠤᠷᠰᠢ᠍ᠶᠠᠵᠢ᠍ᠯ ᠤᠨ ᠠᠵᠤ ᠦᠢ᠍ᠯᠡᠰ ᠦᠨ ᠦᠷᠢ᠍ᠰᠦᠯᠳ᠋ᠦᠬᠦ ᠬᠦᠴᠦᠨ ᠢ ᠴᠢ᠍ᠷᠮᠠᠢ᠌ᠨ ᠳᠡᠭᠡᠭ᠍ᠰᠢ᠍ᠯᠡᠬᠦᠯᠬᠦ ᠬᠡᠷᠡᠭ᠍ᠲᠡᠢ᠂ ᠡᠷᠬᠡᠪᠰᠢ ᠪᠤᠷᠤᠯᠠᠭᠤᠯᠭ᠎ᠠ ᠶᠢᠨ ᠠᠷᠭ᠎ᠠ ᠵᠠᠮ ᠶᠢᠡᠨ ᠤᠯᠠᠮ ᠨᠢ᠍ᠭᠡ ᠠᠯᠬᠤᠮ ᠦᠷᠭᠡᠳᠭᠡᠨ᠂ ᠤᠨᠴᠠᠭᠠᠢ᠌ᠯᠠᠨ ᠰᠢ᠍ᠨ᠎ᠠ ᠪᠡᠷ ᠬᠦᠭ᠍ᠵᠢ᠍ᠭ᠍ᠰᠡᠨ ᠵᠠᠭᠤᠴᠢ᠍ᠯᠠᠭᠤᠷ ᠪᠠ ᠲᠤᠤᠷ ᠰᠦ᠋ᠯᠵᠢ᠍ᠶᠠᠨ ᠤ ᠰᠢ᠍ᠭᠤᠳ ᠨᠡᠪᠲᠡᠷᠡᠭᠦᠯᠭᠡ ᠵᠡᠷᠭᠡ ᠬᠡᠯᠪᠡᠷᠢ ᠶᠢ ᠠᠰᠢ᠍ᠭᠯᠠᠨ᠂ ᠤᠬᠠᠭᠤᠯᠤᠨ ᠳᠡᠯᠭᠡᠷᠡᠭᠦᠯᠬᠦ ᠠᠵᠢ᠍ᠯ ᠢ ᠤᠯᠠᠮ ᠨᠢ᠍ᠭᠡ ᠠᠯᠬᠤᠮ ᠰᠠᠢ᠌ᠲᠤᠷ ᠬᠢᠵᠦ᠂ ᠬᠤᠷᠰᠢ᠍ᠶᠠᠵᠢ᠍ᠯ ᠤᠨ ᠤᠷᠤᠯᠭ᠎ᠠ ᠪᠠᠨ ᠨᠡᠮᠡᠭ᠍ᠳ᠋ᠡᠬᠦᠯᠦᠨ᠂ ᠦᠨᠳ᠋ᠦᠷ ᠴᠢ᠍ᠨᠠᠷ ᠴᠢ᠍ᠨᠰᠠᠭ᠎ᠠ ᠲᠡᠶ ᠬᠦᠭ᠍ᠵᠢ᠍ᠯᠳ᠋ᠡ ᠶᠢ ᠲᠦ᠋ᠯᠬᠢᠨ ᠠᠬᠢᠭᠤᠯᠬᠤ ᠬᠡᠷᠡᠭ᠍ᠲᠡᠢ ᠭᠡᠵᠡᠢ᠃ (ᠳᠠᠯᠠᠢ)

ᠡᠮᠦᠨᠡᠬᠢ᠄ ᠬᠢᠷᠢᠨ ᠮᠤᠵᠢ ᠶᠢᠨ ᠪᠠᠢᠴᠸᠩ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠤᠭᠤᠷᠢᠨ ᠪᠠᠢᠴᠠᠭᠠᠬᠤ ᠲᠤᠭᠤᠢᠯᠠᠩ ᠮᠠᠨ ᠤ ᠬᠤᠰᠢᠭᠤᠨ ᠤ ᠲᠠᠤᠭᠡ ᠶᠢᠨ ᠪᠠᠭᠤᠷᠢ ᠶᠢ ᠬᠠᠮᠠᠭᠠᠯᠠᠬᠤ ᠠᠵᠢᠯ ᠢ ᠲᠤᠭᠤᠷᠢᠨ ᠦᠵᠡᠪᠡ
ᠳᠠᠷᠠᠭᠠᠬᠢ᠄ ᠪᠦᠬᠦ ᠬᠤᠰᠢᠭᠤᠨ ᠤ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠲᠤ ᠦᠭᠬᠦᠭᠰᠨᠨ ᠨᠢᠭᠡ ᠬᠠᠭᠤᠳᠠᠰᠤ ᠵᠠᠬᠢᠳᠠᠯ