ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠠᠷᠪᠢᠯᠠᠨ ᠭᠠᠮᠨᠠᠬᠤ ᠶᠢ ᠡᠷᠬᠢᠮᠯᠡᠨ ᠪᠦᠷᠢ᠍ᠯᠭᠡᠨ ᠰᠦ᠋ᠢ᠍ᠳᠭᠡᠬᠦ ᠶᠢ ᠡᠰᠡᠷᠭᠦᠴᠡᠬᠦ ᠲᠤᠰᠬᠠᠢ ᠰᠡᠳ᠋ᠦᠪᠲᠦ ᠰᠤᠷᠤᠯᠴᠠᠯᠭ᠎ᠠ ᠶᠢᠨ ᠬᠤᠷᠠᠯ ᠦᠷᠨᠢᠭᠦᠯᠦᠭ᠍ᠰᠡᠨ

                 

              9 ᠰᠠᠷ᠎ᠠ ᠶᠢᠨ4 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠤᠰᠬᠠᠢ ᠰᠡᠳ᠋ᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠵᠤ᠂ ᠰᠢ ᠵᠢᠨ ᠫᠢᠩ ᠶᠡᠷᠦᠩᠭᠡᠢ ᠱᠦ᠋ᠵᠢ ᠶᠢᠨ ᠢᠳ᠋ᠡᠭᠡᠨ ᠤᠮᠳ᠋ᠠᠭᠠᠨ ᠢ ᠪᠦᠷᠢ᠍ᠯᠭᠡᠨ ᠰᠦ᠋ᠢ᠍ᠳᠭᠡᠬᠦ ᠠᠵᠢ᠍ᠯᠯᠠᠭ᠎ᠠ ᠶᠢ ᠡᠷᠡᠰ ᠬᠤᠷᠢ᠍ᠭᠯᠠᠬᠤ ᠲᠤᠬᠠᠢ ᠲᠤᠷᠠᠳ᠋ᠤᠭᠰᠠᠨ ᠴᠢ᠍ᠬᠤᠯᠨ ᠵᠢᠭᠠᠪᠤᠷᠢ ᠶᠢᠨ ᠵᠤᠷᠢ᠍ᠭ ᠰᠠᠨᠠᠭ᠎ᠠ ᠪᠠ 《 ᠨᠠᠮ ᠵᠠᠰᠠᠭ ᠤᠨ ᠪᠠᠢ᠌ᠭᠤᠯᠭ᠎ᠠ ᠶᠢᠨ ᠠᠷᠪᠢᠯᠠᠨ ᠭᠠᠮᠨᠠᠬᠤ ᠶᠢ ᠡᠷᠬᠢᠮᠯᠡᠨ ᠪᠦᠷᠢ᠍ᠯᠭᠡᠨ ᠰᠦ᠋ᠢ᠍ᠳᠭᠡᠬᠦ ᠶᠢ ᠲᠡᠪᠴᠢ᠍ᠬᠦ ᠳᠦ᠋ᠷᠢ᠍ᠮ》᠊ᠢ ᠨᠠᠷᠢ᠍ᠨ ᠬᠢᠨᠠᠮᠠᠭᠠᠢ ᠰᠤᠷᠤᠯᠴᠠᠪᠠ᠃ ᠪᠠᠢ᠌ᠭᠤᠯᠭ᠎ᠠ ᠶᠢᠨ ᠨᠠᠮ ᠤᠨ ᠡᠭᠦᠷ ᠦᠨ ᠱᠦ᠋ᠵᠢ ᠯᠢ ᠴᠸᠩ ᠭᠦᠸᠸ ᠰᠤᠷᠤᠯᠴᠠᠯᠭ᠎ᠠ ᠶᠢᠨ ᠬᠤᠷᠠᠯ ᠢ ᠡᠷᠬᠢᠯᠡᠵᠦ ᠳᠠᠭᠠᠭᠤᠯᠤᠨ ᠰᠤᠷᠤᠯᠴᠠᠪᠠ᠃

                  

              ᠬᠤᠷᠠᠯ ᠡᠴᠨ ᠴᠢ᠍ᠩᠭ᠋ᠠᠳᠬᠠᠭᠰᠠᠨ ᠨᠢ᠂ ᠪᠠᠢ᠌ᠭᠤᠯᠭ᠎ᠠ ᠶᠢᠨ ᠺᠠᠲᠷ ᠠᠵᠢ᠍ᠯᠳ᠋ᠠᠳ ᠡᠴᠨ ᠡᠷᠬᠡᠪᠰᠢ ᠠᠷᠪᠢᠯᠡᠨ ᠭᠠᠮᠨᠠᠬᠤ ᠶᠢ ᠡᠷᠬᠢᠮᠯᠡᠵᠦ᠂ ᠪᠦᠷᠢ᠍ᠯᠭᠡᠨ ᠰᠦ᠋ᠢ᠍ᠳᠬᠡᠬᠦ ᠶᠢ ᠡᠰᠡᠷᠭᠦᠴᠡᠬᠦ ᠶᠢᠨ ᠲᠤᠯᠭᠠᠮ᠎ᠠ ᠴᠢ᠍ᠨᠠᠷ ᠪᠠ ᠴᠢ᠍ᠬᠤᠯᠨ ᠴᠢ᠍ᠨᠠᠷ ᠢ ᠭᠦᠢ᠍ᠴᠡᠳ ᠲᠠᠨᠢᠵᠤ᠂《 ᠨᠠᠮ ᠵᠠᠰᠠᠭ ᠤᠨ ᠪᠠᠢ᠌ᠭᠤᠯᠭ᠎ᠠ ᠶᠢᠨ ᠠᠷᠪᠢᠯᠠᠨ ᠭᠠᠮᠨᠠᠬᠤ ᠶᠢ ᠡᠷᠬᠢᠮᠯᠡᠨ ᠪᠦᠷᠢ᠍ᠯᠭᠡᠨ ᠰᠦ᠋ᠢ᠍ᠳᠭᠡᠬᠦ ᠶᠢ ᠲᠡᠪᠴᠢ᠍ᠬᠦ ᠳᠦ᠋ᠷᠢ᠍ᠮ》᠊ᠢ ᠲᠤᠭᠤᠰᠢ᠍ᠯᠠᠭᠤᠯᠤᠨ ᠬᠡᠷᠡᠭ᠍ᠵᠢ᠍ᠬᠦᠯᠬᠦ ᠶᠢ ᠲᠤᠪᠤᠢ᠌ᠮ᠎ᠠ ᠪᠠᠢ᠌ᠷᠢ᠍ᠨ ᠳ᠋ᠥ ᠲᠠᠯᠪᠢᠬᠤ ᠬᠡᠷᠡᠭ᠍ᠲᠡᠢ᠃ ᠡᠷᠬᠡᠪᠰᠢ ᠠᠷᠪᠢᠯᠡᠨ ᠭᠠᠮᠨᠠᠬᠤ ᠶᠢ ᠡᠷᠬᠢᠮᠯᠡᠵᠦ᠂ ᠪᠦᠷᠢ᠍ᠯᠭᠡᠨ ᠰᠦ᠋ᠢ᠍ᠳᠬᠡᠬᠦ ᠶᠢ ᠡᠰᠡᠷᠭᠦᠴᠡᠬᠦ ᠱᠠᠭᠠᠷᠳ᠋ᠠᠯᠭ᠎ᠠ ᠶᠢ ᠤᠨᠤᠪᠴᠢ᠍ᠲᠠᠢ ᠡᠵᠡᠮᠰᠢ᠍ᠨ᠂ ᠰᠠᠬᠢᠯᠭ᠎ᠠ ᠪᠠᠳ᠋ᠦ ᠶᠢᠨ ᠤᠬᠠᠮᠰᠠᠷ ᠪᠠ ᠶᠤᠰᠤ ᠳᠦ᠋ᠷᠢ᠍ᠮ ᠦᠨ ᠤᠬᠠᠮᠰᠠᠷ ᠶᠢᠡᠨ ᠪᠠᠲᠤᠳᠬᠠᠬᠤ ᠬᠡᠷᠡᠭ᠍ᠲᠡᠢ᠃ ᠡᠷᠬᠡᠪᠰᠢ ᠤᠬᠠᠭᠤᠯᠭ᠎ᠠ ᠰᠤᠷᠭᠠᠨ ᠬᠦᠮᠦᠵᠢ᠍ᠯ ᠊ᠢ ᠤᠯᠠᠮ ᠨᠢ᠍ᠭᠡ ᠠᠯᠬᠤᠮ ᠴᠢ᠍ᠩᠭ᠋ᠠᠳᠬᠠᠨ᠂ ᠠᠷᠪᠢᠯᠠᠨ ᠭᠠᠮᠨᠠᠬᠤ ᠳᠠᠳᠬᠠᠯ ᠢ ᠦᠨᠡᠨᠬᠦ ᠬᠦᠮᠦᠵᠢ᠍ᠬᠦᠯᠬᠦ ᠬᠡᠷᠡᠭ᠍ᠲᠡᠢ ᠭᠡᠵᠡᠢ᠃ (ᠳᠠᠯᠠᠢ)

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠬᠡᠰᠢ᠍ᠬᠦᠨ ᠦ ᠰᠤᠷᠭᠠᠨ ᠬᠦᠮᠦᠵᠢ᠍ᠯ ᠦᠨ ᠬᠠᠮᠢ᠍ᠶᠠᠷᠤᠯᠲᠠ ᠶᠢᠨ ᠠᠵᠢ᠍ᠯ ᠤᠨ ᠲᠦ᠋ᠷᠢ᠍ᠮ ᠎᠊ᠢ᠎ ᠲᠦ᠋ᠪᠯᠡᠷᠡᠨ ᠰᠤᠷᠤᠯᠴᠠᠪᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠦᠨ ᠶᠡᠭᠡ ᠬᠤᠷᠠᠯ ᠵᠢᠴᠢ ᠨᠢ᠍ᠭᠤᠴᠠ ᠶᠢ ᠬᠠᠮᠠᠭᠠᠯᠠᠬᠤ ᠮᠡᠳ᠋ᠡᠯᠭᠡ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠰᠠᠨ