ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠦᠨ ᠶᠡᠭᠡ ᠬᠤᠷᠠᠯ ᠵᠢᠴᠢ ᠨᠢ᠍ᠭᠤᠴᠠ ᠶᠢ ᠬᠠᠮᠠᠭᠠᠯᠠᠬᠤ ᠮᠡᠳ᠋ᠡᠯᠭᠡ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠰᠠᠨ

9 ᠰᠠᠷ᠎ᠠ ᠶᠢᠨ11 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠦᠨ ᠶᠡᠭᠡ ᠬᠤᠷᠠᠯ ᠵᠢᠴᠢ ᠨᠢ᠍ᠭᠤᠴᠠ ᠶᠢ ᠬᠠᠮᠠᠭᠠᠯᠠᠬᠤ ᠮᠡᠳ᠋ᠡᠯᠭᠡ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠪᠠ᠃ ᠬᠤᠷᠠᠯ ᠢ ᠪᠠᠢ᠌ᠭᠤᠯᠭ᠎ᠠ ᠶᠢᠨ ᠨᠠᠮ ᠤᠨ ᠡᠭᠦᠷ ᠦᠨ ᠵᠤᠬᠢᠶᠠᠨ ᠪᠠᠢ᠌ᠭᠤᠯᠬᠤ ᠬᠡᠰᠢ᠍ᠬᠦᠨ ᠪᠤᠤ ᠴᠡᠭᠡᠯᠭᠡᠨ ᠡᠷᠬᠢᠯᠡᠵᠦ᠂ ᠪᠠᠢ᠌ᠭᠤᠯᠭ᠎ᠠ ᠶᠢᠨ ᠪᠦᠬᠦ ᠨᠠᠮ ᠤᠨ ᠬᠡᠰᠢ᠍ᠭᠦᠨ ᠬᠤᠷᠠᠯ ᠳ᠋ᠥ ᠤᠷᠤᠯᠴᠠᠪᠠ᠃

ᠪᠠᠢ᠌ᠭᠤᠯᠭ᠎ᠠ ᠶᠢᠨ ᠨᠠᠮ ᠤᠨ ᠡᠭᠦᠷ ᠦᠨ ᠶᠡᠭᠡ ᠬᠤᠷᠠᠯ ᠳᠡᠭᠡᠷ᠎ᠠ ᠨᠡᠷ᠎ᠠ ᠲᠡᠮᠳ᠋ᠡᠭᠯᠡᠬᠦ ᠦᠭᠡᠶ ᠪᠡᠷ ᠪᠢᠯᠸᠲ ᠦᠭ᠍ᠴᠦ ᠪᠠᠲᠤᠯᠠᠬᠤ ᠪᠡᠷ ᠲᠠᠮᠵᠢ᠍ᠨ᠂ ᠪᠡᠯᠡᠳᠭᠡᠯ ᠨᠠᠮ ᠤᠨ ᠬᠡᠰᠢ᠍ᠭᠦᠨ ᠢ ᠵᠢᠩᠭᠢᠨᠢᠴᠢᠯᠡᠬᠦ ᠶᠢ ᠵᠦ᠋ᠪᠰᠢ᠍ᠶᠡᠷᠡᠪᠡ᠃

ᠰᠤᠷᠤᠯᠴᠠᠯᠭ᠎ᠠ ᠶᠢᠨ ᠬᠤᠷᠠᠯ ᠳᠡᠭᠡᠷ᠎ᠠ᠂《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠯᠤᠰ ᠤᠨ ᠨᠢ᠍ᠭᠤᠴᠠ ᠶᠢ ᠬᠠᠮᠠᠭᠠᠯᠠᠬᠤ ᠬᠠᠤᠯᠢ》 《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠯᠤᠰ ᠤᠨ ᠨᠢ᠍ᠭᠤᠴᠠ ᠶᠢ ᠬᠠᠮᠠᠭᠠᠯᠠᠬᠤ ᠬᠠᠤᠯᠢ ᠶᠢ ᠬᠡᠷᠡᠭ᠍ᠵᠢ᠍ᠭᠦᠯᠬᠦ ᠲᠦ᠋ᠷᠢ᠍ᠮ 》 ᠊ᠢ ᠰᠤᠷᠤᠯᠴᠠᠪᠠ᠃
ᠰᠤᠷᠤᠯᠴᠠᠬᠤ ᠪᠡᠷ ᠳᠠᠮᠵᠢ᠍ᠨ᠂ ᠪᠠᠢ᠌ᠭᠤᠯᠭ᠎ᠠ ᠶᠢᠨ ᠨᠠᠮ ᠤᠨ ᠬᠡᠰᠢ᠍ᠬᠦᠨ ᠺᠠᠲᠷ ᠠᠵᠢ᠍ᠯᠳ᠋ᠠᠳ ᠊ᠤᠨ ᠤᠯᠤᠰ ᠤᠨ ᠨᠢ᠍ᠭᠤᠴᠠ ᠶᠢ ᠬᠠᠮᠠᠭᠠᠯᠠᠬᠤ ᠠᠵᠢ᠍ᠯ ᠤᠨ ᠴᠢ᠍ᠬᠤᠯᠨ ᠴᠢ᠍ᠨᠠᠷ ᠤᠨ ᠲᠠᠨᠢᠯᠲᠠ ᠶᠢ ᠤᠯᠠᠮ ᠨᠢ᠍ᠭᠡ ᠠᠯᠬᠤᠮ ᠳᠡᠭᠡᠭ᠍ᠰᠢ᠍ᠯᠡᠭᠦᠯᠵᠦ᠂ᠤᠯᠤᠰ ᠤᠨ ᠨᠢ᠍ᠭᠤᠴᠠ ᠶᠢ ᠬᠠᠮᠠᠭᠠᠯᠠᠬᠤ ᠡᠭᠦᠷᠭᠡ ᠶᠢ ᠬᠠᠤᠯᠢ ᠶᠤᠰᠤᠭᠠᠷ ᠭᠦᠢ᠍ᠴᠡᠳᠭᠡᠬᠦ ᠲᠠᠨᠢᠯᠲᠠ ᠶᠢ ᠦᠨᠡᠨᠬᠦ ᠴᠢ᠍ᠩᠭ᠋ᠠᠳᠬᠠᠪᠠ᠃ (ᠳᠠᠯᠠᠢ)