ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠰᠦ᠋ᠯᠵᠢ᠍ᠶᠠᠨ ᠤ ᠠᠮᠤᠷ ᠲᠦ᠋ᠪᠰᠢ᠍ᠨ ᠦ ᠤᠬᠠᠭᠤᠯᠭ᠎ᠠ ᠶᠢᠨ ᠭᠠᠷᠠᠭ ᠤᠨ ᠲᠤᠰᠬᠠᠢ ᠰᠡᠳ᠋ᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠤᠭᠰᠠᠨ

9 ᠰᠠᠷ᠎ᠠ ᠶᠢᠨ18 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠰᠦ᠋ᠯᠵᠢ᠍ᠶᠠᠨ ᠤ ᠠᠮᠤᠷ ᠲᠦ᠋ᠪᠰᠢ᠍ᠨ ᠦ ᠤᠬᠠᠭᠤᠯᠭ᠎ᠠ ᠶᠢᠨ ᠭᠠᠷᠠᠭ ᠤᠨ ᠲᠤᠰᠬᠠᠢ ᠰᠡᠳ᠋ᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ᠃ ᠬᠤᠷᠠᠯ ᠢ ᠪᠠᠢ᠌ᠭᠤᠯᠭ᠎ᠠ ᠶᠢᠨ ᠨᠠᠮ ᠤᠨ ᠡᠭᠦᠷ ᠦᠨ ᠱᠦ᠋ᠵᠢ ᠯᠢ ᠴᠸᠩ ᠭᠦᠸᠸ ᠡᠷᠬᠢᠯᠡᠵᠦ ᠳᠠᠭᠠᠭᠤᠯᠤᠨ ᠰᠤᠷᠤᠯᠴᠠᠪᠠ᠃

ᠬᠤᠷᠠᠯ ᠳᠡᠭᠡᠷ᠎ᠠ ᠪᠠᠢ᠌ᠭᠤᠯᠭ᠎ᠠ ᠶᠢᠨ ᠺᠠᠲᠷ ᠠᠵᠢ᠍ᠯᠳ᠋ᠠᠳ ᠡᠴᠨ ᠰᠢ ᠵᠢᠨ ᠫᠢᠩ ᠶᠡᠷᠦᠩᠭᠡᠢ ᠱᠦ᠋ᠵᠢ ᠶᠢᠨ ᠤᠯᠤᠰ ᠤᠨ ᠰᠦ᠋ᠯᠵᠢ᠍ᠶᠠᠨ ᠤ ᠠᠮᠤᠷ ᠲᠦ᠋ᠪᠰᠢ᠍ᠨ ᠦ ᠤᠬᠠᠭᠤᠯᠭ᠎ᠠ ᠶᠢᠨ ᠭᠠᠷᠠᠭ ᠤᠨ ᠲᠤᠬᠠᠢ ᠲᠤᠷᠠᠳ᠋ᠤᠭᠰᠠᠨ ᠴᠢ᠍ᠬᠤᠯᠨ ᠵᠢᠭᠠᠪᠦᠷᠢ ᠶᠢᠨ ᠵᠤᠷᠢ᠍ᠭ ᠰᠠᠨᠠᠭ᠎ᠠ ᠪᠠ《ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠰᠦ᠋ᠯᠵᠢ᠍ᠶᠠᠨ ᠤ ᠠᠮᠤᠷ ᠲᠦ᠋ᠪᠰᠢ᠍ᠨ ᠦ ᠬᠠᠤᠯᠢ》ᠵᠢ ᠰᠤᠷᠤᠯᠴᠠᠬᠤ ᠶᠢᠨ ᠬᠠᠮᠳ᠋ᠤ᠂ ᠵᠠᠷᠤᠳ ᠬᠤᠰᠢ᠍ᠭᠤᠨ ᠤ ᠰᠦ᠋ᠯᠵᠢ᠍ᠶᠠᠨ ᠳ᠋ᠦ ᠬᠤᠯᠪᠤᠭᠳ᠋ᠠᠭᠰᠠᠨ ᠨᠠᠢ᠌ᠳ᠋ᠡᠯᠢ᠍ᠭ᠌ ᠬᠡᠷᠡᠭ᠌ ᠢ ᠤᠯᠠᠨ ᠳ᠋ᠦ ᠮᠡᠳ᠋ᠡᠬᠦᠯᠪᠡ᠃

ᠬᠤᠷᠠᠯ ᠡᠴᠨ ᠵᠢᠭᠠᠵᠤ ᠭᠠᠷᠭᠠᠭᠰᠠᠨ ᠨᠢ᠂ ᠰᠦ᠋ᠯᠵᠢ᠍ᠶᠠᠨ ᠤ ᠠᠮᠤᠷ ᠲᠦ᠋ᠪᠰᠢ᠍ᠨ ᠪᠤᠯ ᠤᠯᠤᠰ ᠤᠨ ᠠᠮᠤᠷ ᠲᠦ᠋ᠪᠰᠢ᠍ᠨ ᠪᠠ ᠤᠯᠤᠰ ᠤᠨ ᠬᠦᠭ᠍ᠵᠢ᠍ᠯᠳ᠋ᠡ ᠵᠢᠴᠢ ᠤᠯᠠᠨ ᠲᠦ᠋ᠮᠡᠨ ᠦ ᠠᠵᠢ᠍ᠯ ᠠᠮᠢ᠍ᠳ᠋ᠤᠷᠠᠯ ᠲᠡᠶ ᠨᠢ᠍ᠭᠲᠠ ᠬᠤᠯᠪᠤᠭᠳ᠋ᠠᠬᠤ ᠴᠢ᠍ᠬᠤᠯᠨ ᠶᠡᠭᠡ ᠪᠠᠢ᠌ᠯᠳ᠋ᠤᠬᠤ ᠪᠤᠳ᠋ᠤᠯᠭ᠎ᠠ ᠶᠢᠨ ᠠᠰᠠᠭᠤᠳ᠋ᠠᠯ ᠪᠤᠯᠤᠨ᠎ᠠ᠃ ᠡᠷᠬᠡᠪᠰᠢ ᠰᠢ ᠵᠢᠨ ᠫᠢᠩ ᠶᠡᠷᠦᠩᠭᠡᠢ ᠱᠦ᠋ᠵᠢ ᠶᠢᠨ ᠤᠯᠤᠰ ᠤᠨ ᠰᠦ᠋ᠯᠵᠢ᠍ᠶᠠᠨ ᠤ ᠠᠮᠤᠷ ᠲᠦ᠋ᠪᠰᠢ᠍ᠨ ᠦ ᠤᠬᠠᠭᠤᠯᠭ᠎ᠠ ᠶᠢᠨ ᠭᠠᠷᠠᠭ ᠤᠨ ᠲᠤᠬᠠᠢ ᠲᠤᠷᠠᠳ᠋ᠤᠭᠰᠠᠨ ᠴᠢ᠍ᠬᠤᠯᠨ ᠵᠢᠭᠠᠪᠦᠷᠢ ᠶᠢᠨ ᠵᠤᠷᠢ᠍ᠭ ᠰᠠᠨᠠᠭ᠎ᠠ ᠶᠢ ᠭᠦᠨᠵᠡᠭᠡᠢ ᠰᠤᠷᠤᠯᠴᠠᠨ ᠤᠢ᠌ᠯᠠᠭᠠᠨ ᠡᠵᠡᠮᠳ᠋ᠡᠵᠦ᠂ ᠪᠠᠢ᠌ᠭᠤᠯᠭ᠎ᠠ ᠶᠢᠨ ᠰᠦ᠋ᠯᠵᠢ᠍ᠶᠠᠨ ᠤ ᠠᠮᠤᠷ ᠲᠦ᠋ᠪᠰᠢ᠍ᠨ ᠦ ᠠᠵᠢ᠍ᠯ ᠤᠨ ᠪᠤᠳ᠋ᠠᠳ᠋ᠠᠢ ᠲᠡᠶ ᠨᠢ᠍ᠭᠲᠠ ᠤᠶᠠᠯᠳ᠋ᠤᠭᠤᠯᠤᠨ᠂ ᠲᠠᠨᠢᠯᠲᠠ ᠪᠠᠨ ᠲᠠᠰᠤᠷᠠᠯᠲᠠ ᠦᠭᠡᠶ ᠭᠦᠨᠵᠡᠭᠡᠢ᠌ᠷᠡᠬᠦᠯᠵᠦ᠂ ᠵᠦ᠋ᠪ ᠤᠨᠤᠪᠴᠢ᠍ᠲᠠᠢ ᠰᠦ᠋ᠯᠵᠢ᠍ᠶᠠᠨ ᠤ ᠠᠮᠤᠷ ᠲᠦ᠋ᠪᠰᠢ᠍ᠨ ᠦ ᠲᠠᠨᠢᠯᠲᠠ ᠵᠢ ᠪᠤᠢ ᠪᠤᠯᠭᠠᠨ᠂ ᠤᠬᠠᠭᠤᠯᠭ᠎ᠠ ᠶᠢᠨ ᠬᠦᠳ᠋ᠡᠯᠭᠡᠭᠡᠨ ᠢ ᠢᠳ᠋ᠡᠪᠬᠢᠲᠠᠢ ᠦᠷᠨᠢᠭᠦᠯᠵᠦ᠂ ᠰᠢ ᠵᠢᠨ ᠫᠢᠩ ᠶᠡᠷᠦᠩᠭᠡᠢ ᠱᠦ᠋ᠵᠢ ᠶᠢᠨ ᠴᠢ᠍ᠬᠤᠯᠨ ᠶᠠᠷᠢ᠍ᠶᠠᠨ ᠤ ᠵᠤᠷᠢ᠍ᠭ ᠰᠠᠨᠠᠭ᠎ᠠ ᠶᠢ ᠠᠷᠠᠳ ᠤᠨ ᠲᠦᠯᠦᠭᠡᠯᠡᠭᠴᠢᠳ ᠊ᠤᠨ ᠶᠡᠭᠡ ᠬᠤᠷᠠᠯ ᠤᠨ ᠪᠠᠢ᠌ᠭᠤᠯᠭ᠎ᠠ ᠶᠢᠨ ᠠᠵᠢ᠍ᠯ ᠤᠨ ᠲᠤᠮᠳ᠋ᠡ ᠦᠨᠡᠨᠬᠦ ᠨᠠᠢ᠌ᠳ᠋ᠠᠪᠤᠷᠢ᠍ᠵᠢ᠍ᠭᠤᠯᠬᠤ ᠬᠡᠷᠡᠭ᠍ᠲᠡᠢ ᠭᠡᠵᠡᠢ᠃

ᠰᠤᠷᠤᠯᠴᠠᠯᠭ᠎ᠠ ᠪᠡᠷ ᠲᠠᠮᠵᠢ᠍ᠨ᠂ ᠪᠠᠢ᠌ᠭᠤᠯᠭ᠎ᠠ ᠶᠢᠨ ᠺᠠᠲᠷ ᠠᠵᠢ᠍ᠯᠳ᠋ᠠᠳ ᠤᠨ ᠰᠦ᠋ᠯᠵᠢ᠍ᠶᠠᠨ ᠤ ᠠᠮᠤᠷ ᠲᠦ᠋ᠪᠰᠢ᠍ᠨ ᠦ ᠴᠢ᠍ᠬᠤᠯᠨ ᠴᠢ᠍ᠨᠠᠷ ᠤᠨ ᠲᠠᠨᠢᠯᠲᠠ ᠤᠯᠠᠮ ᠨᠢ᠍ᠭᠡ ᠠᠯᠬᠤᠮ ᠭᠦᠨᠵᠡᠭᠡᠢ᠌ᠷᠡᠵᠦ᠂ ᠰᠦ᠋ᠯᠵᠢ᠍ᠶᠠᠨ ᠤ ᠠᠮᠤᠷ ᠲᠦ᠋ᠪᠰᠢ᠍ᠨ ᠦ ᠬᠠᠤᠯᠢ ᠲᠦ᠋ᠷᠢ᠍ᠮ ᠤᠨ ᠭᠤᠤᠯ ᠠᠭᠤᠯᠭ᠎ᠠ ᠶᠢ ᠤᠯᠠᠮ ᠨᠢ᠍ᠭᠡ ᠠᠯᠬᠤᠮ ᠡᠵᠡᠮᠳ᠋ᠡᠨ᠂ ᠪᠠᠢ᠌ᠭᠤᠯᠭ᠎ᠠ ᠶᠢᠨ ᠺᠠᠲᠷ ᠠᠵᠢ᠍ᠯᠳ᠋ᠠᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠢᠳ᠋ᠡᠪᠬᠢᠲᠦ ᠴᠢ᠍ᠨᠠᠷ ᠢ ᠠᠬᠢᠭᠤᠯᠪᠠ᠃ (ᠳᠠᠯᠠᠢ)