ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠬᠤᠷᠠᠯᠳᠤᠭᠰᠠᠠ ᠨᠢ

9 ᠰᠠᠷ᠎ᠠ ᠶᠢᠨ 23᠋ ᠤ ᠡᠳᠦᠷ᠂ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠬᠤᠷᠢᠳᠤᠭᠠᠷ ᠬᠤᠷᠠᠯ ᠬᠤᠷᠠᠯᠳᠤᠵᠪᠠ᠃ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠡᠷᠬᠢᠯᠡᠭᠴᠢ ᠪᠠᠶᠠᠨᠰᠠᠩ᠂ ᠳᠡᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠡᠪᠠᠲᠤ᠂ ᠰᠦᠩ ᠯᠢᠶᠠᠨ ᠾᠦ᠋ᠢ ᠵᠢᠴᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠡᠰᠢᠬᠦᠨ ᠬᠤᠷᠠᠯ ᠳᠤ ᠰᠤᠯᠨ ᠣᠷᠣᠯᠴᠠᠵᠤ᠂ ᠬᠣᠰᠢᠭᠤᠨ ᠤ ᠠᠷᠠᠳ ᠤᠨ ᠵᠠᠰᠠᠭ ᠤᠨ ᠤᠷᠳᠤᠨ ᠤ ᠲᠠᠳ᠋ ᠬᠤᠰᠢᠭᠤᠨ ᠲᠠᠷᠤᠭ᠎ᠠ ᠸᠠᠩ ᠶᠠᠨ ᠵᠢᠶᠦ᠋ᠨ᠂ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠲᠠᠷᠤᠭ᠎ᠠ ᠶᠠᠩ ᠭᠧ ᠬᠤᠸᠠ᠂ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶᠠᠨ ᠤ ᠲᠠᠷᠤᠭ᠎ᠠ ᠳ᠋ᠸᠩ ᠭᠤᠸᠠᠩ ᠹᠸᠩ ᠵᠢᠴᠢ ᠬᠤᠰᠢᠭᠤᠨ ᠤ ᠬᠠᠮᠢᠶ᠎ᠠ ᠪᠦᠬᠦᠢ ᠪᠠᠢᠭᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠪᠠᠶᠠᠨᠰᠠᠩ ᠬᠤᠷᠠᠯ ᠡᠷᠭᠢᠯᠡᠪᠡ᠃

ᠲᠤᠰ ᠤᠳᠠᠭᠠᠨ ᠤ ᠬᠤᠷᠠᠯᠳᠤᠭᠠᠨ ᠳᠤ ᠤᠷᠤᠯᠴᠠᠬᠤ ᠪᠠᠢᠩᠭᠤ ᠶᠢᠨ ᠬᠣᠷᠢᠶᠠᠨ ᠤ ᠭᠡᠰᠢᠭᠦᠨ 30 ᠬᠥᠮᠦᠨ᠂ ᠪᠣᠳᠠᠲᠠᠶ ᠤᠷᠤᠯᠴᠠᠭᠰᠠᠠ ᠨᠢ 27 ᠬᠥᠮᠦᠨ ᠪᠠᠢᠵᠤ᠂ ᠬᠠᠤᠯᠢ ᠳᠤ ᠲᠣᠭᠲᠠᠭᠠᠭᠰᠠᠨ ᠬᠥᠮᠦᠨ ᠦ ᠲᠣᠭ᠎ᠠ ᠳᠤ ᠨᠡᠢᠴᠡᠨ᠎ᠡ᠃

ᠬᠤᠷᠠᠯ ᠡᠴᠨ ᠲᠦᠯᠤᠭᠡᠯᠡᠭᠴᠢ ᠶᠢᠨ ᠲᠤᠰᠢᠶᠠᠯ ᠡᠴᠨ ᠪᠠᠨ ᠪᠠᠭᠤᠬᠤ ᠭᠤᠶᠤᠴᠢᠯᠠᠯ ᠢ ᠪᠠᠳᠤᠯᠠᠵᠤ᠂ ᠡᠤ ᠰᠢᠶᠤᠤ ᠡᠷᠬᠢᠯᠡᠭᠴᠢ ᠡᠴᠨ《ᠵᠠᠷᠤᠤᠨ ᠬᠤᠰᠢᠭᠤᠨ ᠤ ᠰᠢᠩ ᠲᠠ ᠠᠭᠤᠷᠬᠠᠢ ᠶᠢᠨ ᠤᠢᠯᠡᠰ ᠤᠨ ᠺᠤᠮᠫᠠᠨᠢ ᠶᠢᠨ ᠠᠭᠤᠷᠬᠠᠢ ᠶᠢᠨ ᠲᠠᠷᠤᠭ᠎ᠠ ᠰᠦᠨ ᠱᠸᠤ ᡁᠢ ᠶᠢᠨ ᠬᠠᠤᠯᠢ ᠴᠠᠭᠠᠵᠨ ᠰᠠᠬᠢᠯᠭ᠎ᠠ ᠪᠠᠳᠤ ᠶᠢ ᠵᠦᠷᠢᠴᠡᠭᠰᠨᠨ ᠰᠡᠵᠢᠭᠯᠡᠯ᠋ ᠤᠨ ᠲᠤᠬᠠᠢ ᠮᠡᠳᠡᠭᠡᠯᠡᠯ》᠋ ᠢ ᠤᠩᠰᠢᠨ ᠨᠡᠪᠳᠡᠷᠭᠡᠬᠦ ᠶᠢᠨ ᠬᠠᠮᠳᠤ᠂ ᠰᠦᠨ ᠱᠸᠤ ᡁᠢ ᠶᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠲᠤᠰᠢᠶᠠᠯ ᠡᠴᠨ ᠪᠠᠨ ᠪᠠᠭᠤᠬᠤ ᠶᠢ ᠭᠠᠷ ᠡᠷᠬᠦᠨ ᠪᠠᠳᠤᠯᠠᠪᠠ᠃
ᠬᠤᠷᠠᠯ ᠲᠠᠭᠡᠷ᠎ᠠ ᠠᠵᠢᠯᠳᠠᠨ ᠢ ᠲᠤᠰᠢᠶᠠᠯ ᠳᠤ ᠲᠤᠮᠢᠯᠠᠬᠤ ᠪᠠᠭᠤᠯᠭᠠᠬᠤ ᠶᠢ ᠶᠠᠪᠤᠭᠳᠠᠭᠤᠯᠵᠤ᠂ ᠲᠠᠳ᠋ ᠬᠤᠰᠢᠭᠤᠨ ᠲᠠᠷᠤᠭ᠎ᠠ ᠸᠠᠩ ᠶᠠᠨ ᠵᠢᠶᠦ᠋ᠨ ᠡᠴᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠳᠤ ᠨᠠᠷᠠ ᠲᠠᠪᠰᠢᠬᠦᠯᠦᠭᠰᠨᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠺᠠᠳ᠋ᠷ ᠢ ᠲᠤᠰᠢᠶᠠᠯ ᠡᠴᠨ ᠨᠢ ᠪᠠᠭᠤᠯᠭᠠᠬᠤ ᠵᠦᠪᠯᠡᠯᠭᠡ ᠶᠢ ᠤᠩᠰᠢᠨ ᠨᠠᠢᠳᠡᠯᠡᠪᠡ᠃
ᠬᠤᠷᠠᠯ ᠶᠢᠠᠷ ᠭᠠᠷ ᠡᠷᠬᠦᠨ ᠪᠠᠳᠤᠯᠠᠬᠤ ᠪᠡᠷ ᠲᠠᠮᠵᠢᠨ᠂ ᠪᠠᠢ ᠵᠢᠩ ᠵᠦᠩ ᠨᠦᠬᠦᠷ ᠤᠨ ᠬᠠᠷᠢᠭᠤᠴᠠᠭᠰᠨᠨ ᠵᠠᠷᠤᠤᠨ ᠬᠤᠰᠢᠭᠤᠨ ᠤ ᠪᠠᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠲᠤᠪᠴᠢᠶᠠᠨ ᠲᠠᠷᠤᠭ᠎ᠠ ᠶᠢᠨ ᠲᠤᠰᠢᠶᠠᠯ ᠡᠴᠨ ᠪᠠᠭᠤᠯᠭᠠᠬᠤ ᠶᠢ ᠵᠦᠪᠰᠢᠶᠡᠷᠡᠪᠡ᠃

ᠬᠤᠷᠠᠯ ᠡᠴᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠨ ᠰᠤᠳᠤᠯᠬᠤ ᠲᠤᠭᠤᠢᠯᠠᠩ ᠤᠨ《〈 ᠵᠠᠰᠠᠭ ᠤᠨ ᠤᠷᠳᠤᠨ ᠤ ᠬᠤᠳᠠᠯᠳᠤᠨ ᠠᠪᠬᠤ ᠬᠠᠤᠯᠢ〉᠋ ᠶᠢ ᠭᠡᠷᠡᠭᠵᠢᠬᠦᠯᠦᠭᠰᠨᠨ ᠪᠠᠢᠳᠠᠯ ᠤᠨ ᠲᠤᠬᠠᠢ ᠪᠠᠢᠴᠠᠭᠠᠨ ᠰᠤᠳᠤᠯᠤᠯᠳᠠ ᠶᠢᠨ ᠮᠡᠳᠡᠬᠦᠯᠤᠯᠳᠠ》᠋ ᠶᠢ ᠰᠤᠨᠤᠰᠤᠨ ᠬᠢᠨᠠᠨ ᠵᠦᠪᠯᠡᠯᠪᠡ᠃ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠨ ᠰᠤᠳᠤᠯᠬᠤ ᠲᠤᠭᠤᠢᠯᠠᠩ ᠤᠨ《 ᠡᠮᠨᠡᠯᠭᠡ ᠶᠢᠨ ᠠᠵᠢᠯᠳᠠᠨ ᠤ ᠡᠩᠨᠡᠭᠡ ᠶᠢᠨ ᠪᠠᠢᠭᠤᠯᠤᠯᠳᠠ ᠶᠢᠨ ᠪᠠᠢᠳᠠᠯ ᠤᠨ ᠲᠤᠬᠠᠢ ᠪᠠᠢᠴᠠᠭᠠᠨ ᠰᠤᠳᠤᠯᠤᠯᠳᠠ ᠶᠢᠨ ᠮᠡᠳᠡᠬᠦᠯᠤᠯᠳᠠ》᠋ ᠶᠢ ᠰᠤᠨᠤᠰᠤᠨ ᠬᠢᠨᠠᠨ ᠵᠦᠪᠯᠡᠯᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠨ ᠰᠤᠳᠤᠯᠬᠤ ᠲᠤᠭᠤᠢᠯᠠᠩ ᠤᠨ《 ᠬᠤᠳᠠ ᠬᠦᠳᠡᠭᠡ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢᠨ ᠪᠠᠢᠳᠠᠯ ᠤᠨ ᠲᠤᠬᠠᠢ ᠪᠠᠢᠴᠠᠭᠠᠨ ᠰᠤᠳᠤᠯᠤᠯᠳᠠ ᠶᠢᠨ ᠮᠡᠳᠡᠬᠦᠯᠤᠯᠳᠠ》᠋ ᠶᠢ ᠰᠤᠨᠤᠰᠤᠨ ᠬᠢᠨᠠᠨ ᠵᠦᠪᠯᠡᠯᠪᠡ᠃


ᠪᠠᠶᠠᠨᠰᠠᠩ᠂ ᠡᠤ ᠰᠢᠶᠤᠤ᠂ ᠦᠷᠡᠪᠠᠲᠤ᠂ ᠰᠦᠩ ᠯᠢᠶᠠᠨ ᠾᠦ᠋ᠢ ᠵᠢᠴᠢ ᠬᠤᠷᠠᠯ ᠳᠤ ᠤᠷᠤᠯᠴᠠᠭᠰᠠᠳ ᠡᠯ᠎ᠠ ᠲᠦᠷᠤᠯ ᠤᠨ ᠮᠡᠳᠡᠬᠦᠯᠤᠯᠳᠠ ᠶᠢᠨ ᠲᠤᠭᠤᠷᠢᠨ ᠳᠤ ᠶᠠᠷᠢᠯᠴᠠᠭ᠎ᠠ ᠦᠷᠨᠢᠬᠦᠯᠬᠦ ᠶᠢᠨ ᠬᠠᠮᠳᠤ᠂ ᠬᠠᠨᠳᠤᠯᠭᠠᠳᠤ ᠴᠢᠨᠠᠷ ᠲᠠᠢ ᠶᠠᠷᠢᠶ᠎ᠠ ᠲᠤᠷᠠᠳᠴᠠᠢ᠃