ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠯᠲᠠ ᠦᠷᠨᠢᠭᠦᠯᠦᠭ᠍ᠰᠡᠨ

              

            9 ᠰᠠᠷ᠎ᠠ ᠶᠢᠨ27 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠰᠦ᠋ᠩ ᠯᠢ᠍ᠶᠠᠨ ᠡᠾᠦ᠋ᠢ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠬᠤ ᠲᠤᠭᠤᠢ᠌ᠯᠠᠩ ᠢ ᠳᠠᠭᠠᠭᠤᠯᠤᠨ᠂ ᠮᠠᠨ ᠤ ᠬᠤᠰᠢ᠍ᠭᠤᠨ ᠤ 《  ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠬᠠᠤᠯᠢ ᠪᠤᠰᠤ ᠪᠡᠷ ᠬᠡᠭᠡᠷ᠎ᠠ ᠶᠢᠨ ᠠᠮᠢ᠍ᠲᠠᠨ ᠢ ᠠᠷᠠᠯᠵᠢ᠍ᠶᠠᠯᠠᠬᠤ ᠶᠢ ᠪᠦᠬᠦ ᠲᠠᠯ᠎ᠠ ᠪᠡᠷ ᠴᠠᠭᠠᠵᠠᠯᠠᠬᠤ᠂ ᠬᠡᠭᠡᠷ᠎ᠠ ᠶᠢᠨ ᠠᠮᠢ᠍ᠳ᠋ᠠᠨ ᠢ ᠲᠤᠷ᠎ᠠ ᠪᠡᠷ᠎ ᠵᠢᠠᠨ ᠢᠳ᠋ᠡᠬᠦ ᠮᠠᠭᠤ ᠳᠠᠳᠬᠠᠯ ᠢ ᠠᠷᠢ᠍ᠯᠭᠠᠬᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳ᠋ᠦ ᠠᠮᠤᠷ ᠲᠦ᠋ᠪᠰᠢ᠍ᠨ ᠢ ᠦᠨᠡᠨᠬᠦ ᠪᠠᠲᠤᠯᠠᠬᠤ ᠲᠤᠬᠠᠢ ᠲᠤᠭᠲᠠᠭᠠᠯ 》 ᠪᠠ 《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠠᠮᠢ᠍ᠳ᠋ᠠᠨ ᠤ ᠬᠢᠵᠢ᠍ᠭ᠌ ᠢ ᠰᠡᠷᠭᠡᠢ᠌ᠯᠡᠬᠦ ᠬᠠᠤᠯᠢ 》 ᠊ᠢ ᠲᠤᠭᠤᠰᠢ᠍ᠯᠠᠭᠤᠯᠤᠨ ᠨᠠᠢ᠌ᠳ᠋ᠠᠪᠦᠷᠢ᠍ᠵᠢ᠍ᠭᠤᠯᠤᠭᠰᠠᠨ ᠪᠠᠢ᠌ᠳ᠋ᠠᠯ ᠳ᠋ᠦ ᠬᠠᠤᠯᠢ ᠬᠡᠷᠡᠭ᠍ᠵᠢ᠍ᠭᠦᠯᠦᠯᠳ᠋ᠡ ᠶᠢᠨ ᠪᠠᠢ᠌ᠴᠠᠭᠠᠯᠲᠠ ᠬᠢᠪᠡ᠃

             

           ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠬᠤ ᠲᠤᠭᠤᠢ᠌ᠯᠠᠩ ᠤᠷᠢ᠍ᠳ ᠬᠤᠵᠢ᠍ᠳ ᠯᠦ᠋ᠪᠸᠢ ᠪᠠᠯᠭᠠᠰᠤᠨ ᠤ ᠶᠦ᠋ᠩ ᠰᠢ᠍ᠩ ᠲᠤᠰᠬᠤᠨ ᠤ ᠲᠡᠵᠢ᠍ᠭᠡᠨ ᠦᠷᠡᠵᠢ᠍ᠬᠦᠯᠬᠦ ᠡᠷᠦᠬᠡ᠂ ᠰᠢ᠍ᠶᠤᠤ ᠡᠾᠸᠢ ᠱᠠᠨ ᠰᠠᠭᠠᠯᠢ ᠶᠢᠨ ᠦᠨᠢᠶ᠎ᠠ᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎ ᠲᠡᠵᠢ᠍ᠭᠡᠨ ᠦᠷᠡᠵᠢ᠍ᠬᠦᠯᠬᠦ ᠬᠤᠷᠰᠢ᠍ᠶᠠᠵᠢ᠍ᠯ ᠳ᠋ᠦ ᠬᠦᠷᠴᠦ᠂ ᠲᠡᠵᠢ᠍ᠭᠡᠨ ᠦᠷᠡᠵᠢ᠍ᠬᠦᠯᠬᠦ ᠤᠷᠴᠢ᠍ᠨ ᠲᠤᠭᠤᠷᠢ᠍ᠨ ᠤ ᠠᠷᠢ᠍ᠭᠤᠨ ᠴᠡᠪᠡᠷ᠂ ᠬᠤᠭ ᠨᠤᠪᠰᠢ ᠶᠢ ᠰᠢ᠌ᠳᠪᠦᠷᠢ᠍ᠯᠡᠬᠦ᠂ ᠲᠤᠨᠤᠭ ᠲᠦ᠋ᠭᠦᠭᠡᠷᠦᠮᠵᠢ ᠶᠢᠨ ᠲᠤᠬᠢᠷᠠᠭᠤᠯᠤᠯᠳ᠋ᠡ᠂ ᠠᠮᠢ᠍ᠳ᠋ᠠᠨ ᠤ ᠬᠢᠵᠢ᠍ᠭ᠌ ᠢ ᠰᠡᠷᠭᠡᠢ᠌ᠯᠡᠬᠦ ᠠᠵᠢ᠍ᠯ ᠦᠷᠨᠢᠭᠦᠯᠦᠭ᠍ᠰᠡᠨ ᠵᠡᠷᠭᠡ ᠪᠠᠢ᠌ᠳ᠋ᠠᠯ ᠢ ᠪᠤᠳ᠋ᠠᠳ᠋ᠠᠢ ᠭᠠᠵᠠᠷ ᠲᠤ ᠨᠢ ᠪᠠᠢ᠌ᠴᠠᠭᠠᠨ ᠦᠵᠡᠬᠦ ᠶᠢᠨ ᠬᠠᠮᠳ᠋ᠤ ᠬᠠᠷᠢ᠍ᠭᠤ ᠮᠡᠳ᠋ᠡᠬᠦᠯᠦᠯᠳ᠋ᠡ ᠶᠢ ᠰᠤᠨᠤᠰᠪᠠ᠃

             

          ᠪᠠᠢ᠌ᠴᠠᠭᠠᠬᠤ ᠲᠤᠭᠤᠢ᠌ᠯᠠᠩ ᠡᠴᠨ ᠮᠠᠨ ᠤ ᠬᠤᠰᠢ᠍ᠭᠤᠨ ᠤ 《 ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠬᠠᠤᠯᠢ ᠪᠤᠰᠤ ᠪᠡᠷ ᠬᠡᠭᠡᠷ᠎ᠠ ᠶᠢᠨ ᠠᠮᠢ᠍ᠲᠠᠨ ᠢ ᠠᠷᠠᠯᠵᠢ᠍ᠶᠠᠯᠠᠬᠤ ᠶᠢ ᠪᠦᠬᠦ ᠲᠠᠯ᠎ᠠ ᠪᠡᠷ ᠴᠠᠭᠠᠵᠠᠯᠠᠬᠤ᠂ ᠬᠡᠭᠡᠷ᠎ᠠ ᠶᠢᠨ ᠠᠮᠢ᠍ᠳ᠋ᠠᠨ ᠢ ᠲᠤᠷ᠎ᠠ ᠪᠡᠷ ᠎᠎ᠵᠢᠠᠨ ᠢᠳ᠋ᠡᠬᠦ ᠮᠠᠭᠤ ᠳᠠᠳᠬᠠᠯ ᠢ ᠠᠷᠢ᠍ᠯᠭᠠᠬᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳ᠋ᠦ ᠠᠮᠤᠷ ᠲᠦ᠋ᠪᠰᠢ᠍ᠨ ᠢ ᠦᠨᠡᠨᠬᠦ ᠪᠠᠲᠤᠯᠠᠬᠤ ᠲᠤᠬᠠᠢ ᠲᠤᠭᠲᠠᠭᠠᠯ 》 ᠪᠠ 《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠠᠮᠢ᠍ᠳ᠋ᠠᠨ ᠤ ᠬᠢᠵᠢ᠍ᠭ᠌ ᠢ ᠰᠡᠷᠭᠡᠢ᠌ᠯᠡᠬᠦ ᠬᠠᠤᠯᠢ 》 ᠊ᠢ ᠲᠤᠭᠤᠰᠢ᠍ᠯᠠᠭᠤᠯᠤᠨ ᠨᠠᠢ᠌ᠳ᠋ᠠᠪᠦᠷᠢ᠍ᠵᠢ᠍ᠭᠤᠯᠤᠭᠰᠠᠨ ᠪᠠᠢ᠌ᠳ᠋ᠠᠯ ᠢ ᠬᠦᠢ᠍ᠴᠡᠳ ᠨᠤᠲᠠᠯᠠᠬᠤ ᠶᠢᠨ ᠬᠠᠮᠳ᠋ᠤ ᠳᠠᠷᠠᠭᠠᠴᠢ ᠶᠢᠨ ᠠᠵᠢ᠍ᠯ ᠦᠨ ᠲᠤᠬᠠᠢ ᠰᠠᠨᠠᠭᠤᠯᠭ᠎ᠠ ᠲᠤᠷᠠᠳ᠋ᠤᠪᠠ᠃ (ᠳᠠᠯᠠᠢ)

ᠡᠮᠦᠨᠡᠬᠢ᠄ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠬᠤᠷᠠᠯᠳᠤᠭᠰᠠᠠ ᠨᠢ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠤᠭᠤᠷᠢ᠍ᠨ ᠰᠤᠷᠤᠯᠴᠠᠬᠤ ᠲᠤᠭᠤᠢ᠌ᠯᠠᠩ ᠬᠢᠩᠭ᠋ᠠᠨ ᠠᠢ᠌ᠮᠠᠭ ᠤᠨ ᠬᠤᠷᠴᠢ᠍ᠨ ᠪᠠᠷᠠᠭᠤᠨ ᠭᠠᠷᠤᠨ ᠡᠮᠦᠨᠡᠲᠦ ᠬᠤᠰᠢ᠍ᠭᠤᠨ ᠳ᠋ᠦ ᠬᠦᠷᠴᠦ ᠲᠦ᠋ᠰᠦᠪᠯᠡᠨ ᠪᠤᠳ᠋ᠤᠬᠤ ᠶᠢ ᠬᠢᠨᠠᠨ ᠪᠠᠢ᠌ᠴᠠᠭᠠᠬᠤ ᠬᠢᠨᠠᠯᠲᠠ ᠲᠠᠯᠪᠢᠬᠤ ᠠᠵᠢ᠍ᠯ ᠢ ᠲᠤᠭᠤᠷᠢ᠍ᠨ ᠰᠤᠷᠤᠯᠴᠠᠪᠠ