ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠰᠢ ᠵᠢᠨ ᠫᠢᠩ ᠶᠡᠷᠤᠩᠭᠡᠢ ᠱᠦᠵᠢ ᠶᠢᠨ ᠢᠳᠡᠭᠡᠨ ᠤᠮᠳᠠᠭᠠᠨ ᠢ ᠪᠦᠷᠢᠯᠭᠡᠨ ᠰᠤᠢᠳᠭᠡᠬᠦ ᠤᠢᠯᠨ ᠠᠵᠢᠯᠯᠠᠭ᠎ᠠ ᠶᠢ ᠡᠷᠡᠰ ᠬᠤᠷᠢᠭᠯᠠᠨ ᠵᠤᠭᠰᠤᠭᠠᠬᠤ ᠲᠤᠬᠠᠢ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠪᠠ

9 ᠰᠠᠷ᠎ᠠ ᠶᠢᠨ 25᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠰᠢ ᠵᠢᠨ ᠫᠢᠩ ᠶᠡᠷᠤᠩᠭᠡᠢ ᠱᠦᠵᠢ ᠶᠢᠨ ᠢᠳᠡᠭᠡᠨ ᠤᠮᠳᠠᠭᠠᠨ ᠢ ᠪᠦᠷᠢᠯᠭᠡᠨ ᠰᠤᠢᠳᠭᠡᠬᠦ ᠤᠢᠯᠨ ᠠᠵᠢᠯᠯᠠᠭ᠎ᠠ ᠶᠢ ᠡᠷᠡᠰ ᠬᠤᠷᠢᠭᠯᠠᠨ ᠵᠤᠭᠰᠤᠭᠠᠬᠤ ᠲᠤᠬᠠᠢ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠬᠤᠷᠠᠯ ᠡᠷᠬᠢᠯᠡᠵᠤ᠂ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠬᠤᠷᠠᠯ ᠳᠤ ᠤᠷᠤᠯᠴᠠᠪᠠ᠃

ᠬᠤᠷᠠᠯ ᠲᠠᠭᠡᠷ᠎ᠠ᠂ ᠯᠢ ᠴᠸᠩ ᠬᠦᠸᠸ ᠡᠴᠨ ᠬᠤᠰᠢᠭᠤᠨ ᠤ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠶᠢᠨ《 ᠰᠢ ᠵᠢᠨ ᠫᠢᠩ ᠶᠡᠷᠤᠩᠭᠡᠢ ᠱᠦᠵᠢ ᠶᠢᠨ ᠠᠷᠪᠢᠯᠠᠨ ᠭᠠᠮᠨᠠᠵᠤ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠶᠢ ᠲᠠᠪᠴᠢᠬᠦ ᠴᠢᠬᠤᠯᠨ ᠵᠢᠭᠠᠪᠤᠷᠢ ᠶᠢ ᠨᠠᠢᠳᠠᠪᠤᠷᠢᠵᠢᠭᠤᠯᠬᠤ ᠲᠤᠬᠠᠢ ᠲᠦᠩᠯᠢᠶᠤᠤ ᠬᠤᠳᠠ ᠶᠢᠨ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠶᠢᠨ ᠬᠢᠨᠠᠨ ᠪᠠᠢᠴᠠᠭᠠᠬᠤ ᠵᠦᠪᠯᠡᠯ ᠤᠨ ᠮᠡᠳᠡᠭᠳᠡᠯ》 ᠊ᠢ ᠤᠯᠠᠮᠵᠢᠯᠠᠨ ᠲᠠᠷᠬᠠᠭᠠᠬᠤ ᠲᠤᠬᠠᠢ ᠮᠡᠳᠡᠭᠳᠡᠯ ᠢ ᠤᠯᠠᠮᠵᠢᠯᠠᠪᠠ᠃

ᠬᠤᠷᠠᠯ ᠡᠴᠨ ᠴᠢᠬᠤᠯᠠᠴᠢᠯᠠᠭᠰᠨᠨ ᠨᠢ᠂ ᠪᠠᠢᠭᠤᠯᠭ᠎ᠠ ᠶᠢᠨ ᠪᠤᠳᠠᠳᠠᠢ ᠡᠴᠨ ᠡᠬᠦᠰᠴᠤ᠂ ᠪᠠᠭ᠎ᠠ ᠡᠴᠨ ᠨᠢ ᠨᠠᠷᠢᠯᠢᠭ ᠪᠤᠳᠠᠳᠠᠢ ᠠᠳᠬᠤᠨ᠂ ᠨᠠᠮ ᠤᠨ ᠭᠡᠰᠢᠬᠦᠨ ᠺᠠᠳ᠋ᠷᠴᠤᠤᠨ ᠲᠦᠷᠤᠬᠦᠯᠡᠨ ᠠᠵᠢᠯᠴᠢ ᠠᠷᠪᠢᠴᠢ ᠠᠷᠪᠢᠯᠠᠨ ᠭᠠᠮᠨᠠᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠶᠢ ᠲᠠᠪᠴᠢᠬᠦ ᠭᠡᠷᠡᠭᠳᠡᠢ᠃ ᠪᠠᠶ᠎ᠠ ᠪᠡᠷ ᠶᠢᠠᠨ ᠭᠡᠪ ᠲᠦᠷᠢᠮ ᠪᠤᠯᠵᠤ᠂ ᠰᠠᠢᠨ ᠦᠯᠢᠭᠡᠷ ᠲᠠᠭᠤᠷᠢᠶᠠᠯ ᠪᠤᠯᠬᠤ ᠭᠡᠷᠡᠭᠳᠡᠢ᠃ ᠲᠦᠷᠢᠮ ᠲᠤᠭᠳᠠᠴᠨ ᠶᠢ ᠤᠯᠠᠮ ᠨᠢᠭᠡ ᠠᠯᠬᠤᠮ ᠲᠠᠬᠦᠯᠳᠡᠷᠵᠢᠬᠦᠯᠵᠤ᠂ ᠪᠤᠳᠠᠳᠠᠢ ᠱᠠᠭᠠᠷᠳᠠᠯᠭ᠎ᠠ ᠶᠢ ᠨᠠᠷᠢᠯᠢᠭᠵᠢᠭᠤᠯᠤᠨ᠂ ᠠᠷᠪᠢᠯᠠᠨ ᠭᠠᠮᠨᠠᠬᠤ ᠶᠢ ᠴᠢᠩᠭ᠎ᠠ ᠭᠡᠷᠡᠭᠵᠢᠬᠦᠯᠵᠤ᠂ ᠪᠦᠷᠢᠯᠭᠡᠨ ᠰᠦᠢᠳᠭᠡᠬᠦ ᠶᠢ ᠲᠠᠪᠴᠢᠬᠦ ᠬᠠᠮᠢᠶ᠎ᠠ ᠪᠦᠬᠦᠢ ᠨᠠᠷᠢᠨ ᠵᠤᠢᠯᠡᠰ ᠢ ᠪᠠᠢᠭᠤᠯᠭ᠎ᠠ ᠶᠢᠨ ᠲᠦᠷᠢᠮ ᠳᠤ ᠤᠷᠤᠭᠤᠯᠤᠨ᠂ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠨᠨ ᠪᠠᠢᠳᠠᠯ ᠳᠤ ᠬᠢᠨᠠᠯᠳᠠ ᠲᠠᠯᠪᠢᠬᠤ ᠪᠠᠨ ᠴᠢᠩᠭᠠᠳᠬᠠᠵᠤ᠂ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠨ᠂ ᠠᠷᠪᠢᠯᠠᠨ ᠭᠠᠮᠨᠠᠬᠤ ᠭᠡᠯᠪᠡᠷᠢ ᠶᠢᠨ ᠪᠠᠢᠭᠤᠯᠭ᠎ᠠ᠂ ᠠᠷᠪᠢᠯᠠᠨ ᠭᠠᠮᠨᠠᠬᠤ ᠭᠡᠯᠪᠡᠷᠢ ᠶᠢᠨ ᠭᠡᠷ ᠪᠦᠯᠢ᠂ ᠠᠷᠪᠢᠯᠠᠨ ᠭᠠᠮᠨᠠᠬᠤ ᠭᠡᠯᠪᠡᠷᠢ ᠶᠢᠨ ᠬᠤᠪᠢ ᠬᠦᠮᠤᠨ ᠢ ᠴᠢᠷᠮᠠᠢᠨ ᠪᠠᠢᠭᠤᠯᠬᠤ ᠭᠡᠷᠡᠭᠳᠡᠢ ᠭᠡᠵᠡᠢ᠃

ᠬᠤᠷᠠᠯ ᠲᠠᠭᠡᠷ᠎ᠠ ᠪᠠᠰᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ《 ᠲᠠᠯ᠎ᠠ ᠨᠤᠳᠤᠭ ᠤᠨAPP》᠋ ᠪᠠ《 ᠰᠦᠯᠵᠢᠶᠡᠨ ᠲᠠᠭᠡᠷᠡᠬᠢ ᠵᠠᠷᠤᠤᠨAPP》᠋ᠵᠢ ᠭᠡᠷᠡᠭᠯᠡᠨ ᠲᠠᠯᠭᠡᠷᠡᠬᠦᠯᠬᠦ ᠠᠵᠢᠯ ᠢ ᠦᠷᠨᠢᠬᠦᠯᠬᠦ ᠲᠤᠬᠠᠢ ᠮᠡᠳᠡᠭᠳᠡᠯ ᠵᠡᠷᠭᠡ ᠮᠠᠲ᠋ᠸᠷᠢᠶᠠᠯ ᠤᠨ ᠠᠭᠤᠯᠭ᠎ᠠ ᠶᠢ ᠤᠯᠠᠮᠵᠢᠯᠠᠪᠠ᠃(᠋ ᠳ᠋ᠠᠢ ᠰᠢᠶᠦ᠋ᠩ)