ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠡᠬᠦᠷ ᠵᠠᠷᠤᠤᠨ ᠬᠤᠰᠢᠭᠤᠨ ᠤ ᠮᠦᠽᠸᠢ ᠳᠤ ᠬᠦᠷᠴᠤ ᠡᠭᠡ ᠤᠯᠤᠰ ᠶᠢᠠᠨ ᠬᠠᠢᠷᠠᠯᠠᠵᠤ᠂ ᠨᠤᠳᠤᠭ ᠤᠰᠤ ᠪᠠᠨ ᠭᠤᠶᠤᠯᠠᠬᠤ ᠬᠤᠪᠢᠰᠬᠠᠯ ᠤᠨ ᠰᠤᠶᠤᠯ ᠢ ᠤᠯᠠᠮᠵᠢᠯᠠᠨ ᠵᠠᠯᠭᠠᠮᠵᠢᠯᠠᠬᠤ ᠭᠤᠤᠯ ᠰᠡᠳᠤᠪᠳᠤ ᠠᠵᠢᠯᠯᠠᠭ᠎ᠠ ᠦᠷᠨᠢᠬᠦᠯᠪᠡ

9 ᠰᠠᠷ᠎ᠠ ᠶᠢᠨ 25 ᠊ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠡᠬᠦᠷ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠳ ᠢ ᠵᠤᠬᠢᠶᠠᠨ ᠪᠠᠢᠭᠤᠯᠵᠤ᠂ ᠵᠠᠷᠤᠤᠨ ᠬᠤᠰᠢᠭᠤᠨ ᠤ ᠮᠦᠽᠸᠢ ᠳᠤ ᠬᠦᠷᠴᠤ《 ᠡᠭᠡ ᠤᠯᠤᠰ ᠶᠢᠠᠨ ᠬᠠᠢᠷᠠᠯᠠᠵᠤ᠂ ᠨᠤᠳᠤᠭ ᠤᠰᠤ ᠪᠠᠨ ᠭᠤᠶᠤᠯᠠᠬᠤ》ᠬᠤᠪᠢᠰᠬᠠᠯ ᠤᠨ ᠰᠤᠶᠤᠯ ᠢ ᠤᠯᠠᠮᠵᠢᠯᠠᠨ ᠵᠠᠯᠭᠠᠮᠵᠢᠯᠠᠬᠤ ᠭᠤᠤᠯ ᠰᠡᠳᠤᠪᠳᠤ ᠠᠵᠢᠯᠯᠠᠭ᠎ᠠ ᠦᠷᠨᠢᠬᠦᠯᠪᠡ᠃


ᠪᠦᠬᠦ ᠪᠠᠢᠭᠤᠯᠭ᠎ᠠ ᠶᠢᠨ ᠨᠠᠮ ᠤᠨ ᠭᠡᠰᠢᠬᠦᠨ ᠺᠠᠳ᠋ᠷ《ᠲᠠᠤᠭᠡ ᠶᠢᠨ ᠲᠤᠷᠠᠰᠬᠠᠯᠳᠤ ᠵᠤᠢᠯᠡᠰ ᠢ ᠲᠠᠯᠭᠡᠨ ᠦᠵᠡᠬᠦᠯᠬᠦ》《ᠡᠮᠤᠨ᠎ᠡ ᠪᠤᠯᠠᠭᠳᠤ ᠶᠢᠨ ᠲᠠᠤᠭᠡ ᠶᠢᠨ ᠲᠤᠷᠠᠰᠬᠠᠯᠳᠤ ᠵᠤᠢᠯᠡᠰ》᠋ ᠪᠠ《ᠦᠯᠢᠭᠡᠷ ᠤᠨ ᠲᠤᠷᠠᠰᠬᠠᠯᠳᠤ ᠵᠤᠢᠯᠡᠰ》ᠵᠡᠷᠭᠡ ᠭᠤᠷᠪᠠᠨ ᠲᠠᠯᠭᠡᠨ ᠦᠵᠡᠬᠦᠯᠬᠦ ᠲᠢᠩᠬᠢᠮ ᠢ ᠲᠤᠭᠤᠷᠢᠨ ᠦᠵᠡᠪᠡ᠃ ᠭᠡᠰᠡᠭ ᠭᠡᠰᠡᠭ ᠲᠠᠤᠭᠡᠨ ᠦᠰᠦᠭ ᠪᠢᠴᠢᠭ᠌᠂ ᠬᠤᠪᠤᠷ ᠨᠠᠨᠳᠢᠨ ᠭᠡᠷᠡᠯ ᠵᠢᠷᠤᠭ᠂ ᠲᠠᠤᠭᠡ ᠶᠢᠨ ᠪᠤᠳᠠᠳᠤ ᠪᠤᠳᠠᠰ ᠤᠨ ᠦᠵᠡᠬᠦᠯᠤᠯᠭᠡ ᠨᠢ ᠪᠠᠢᠭᠤᠯᠭ᠎ᠠ ᠶᠢᠨ ᠺᠠᠳ᠋ᠷᠴᠤᠤᠨ ᠲᠤ ᠵᠠᠷᠤᠤᠨ ᠤᠨ ᠬᠦᠮᠤᠰ ᠤᠨ ᠴᠦᠬᠦᠷᠡᠰᠢ ᠦᠬᠡᠢ ᠲᠠᠮᠡᠴᠡᠯ ᠲᠤᠮᠳᠠ ᠭᠠᠷᠤᠭᠰᠨᠨ ᠯᠤᠳᠤ ᠶᠡᠭᠡ ᠬᠤᠪᠢᠷᠠᠯᠳᠠ ᠶᠢ ᠮᠡᠳᠡᠷᠡᠬᠦᠯᠵᠠᠢ᠃ ᠲᠠᠢᠯᠤᠮᠵᠢ ᠶᠢ ᠬᠢᠨᠠᠮᠠᠭᠠᠢ ᠰᠤᠨᠤᠰᠴᠤ᠂ ᠮᠦᠽᠸᠢ ᠳᠤ ᠬᠠᠳᠠᠭᠠᠯᠠᠵᠤ ᠪᠠᠢᠭ᠎ᠠ ᠮᠠᠲ᠋ᠸᠷᠢᠶᠠᠯ ᠢ ᠪᠠᠢᠴᠠᠭᠠᠨ ᠦᠵᠡᠬᠦ ᠪᠡᠷ ᠲᠠᠮᠵᠢᠨ᠂ ᠵᠠᠷᠤᠤᠨ ᠬᠤᠰᠢᠭᠤᠨ ᠤ ᠲᠠᠤᠭᠡ᠂ ᠰᠤᠶᠤᠯ ᠤᠨ ᠲᠤᠬᠠᠢ ᠨᠡᠩ ᠬᠦᠨᠵᠡᠬᠡᠢ ᠤᠢᠯᠠᠭᠠᠯᠳᠠ ᠲᠠᠢ ᠪᠤᠯᠵᠠᠢ᠃(ᠳ᠋ᠠᠢ ᠰᠢᠶᠦ᠋ᠩ)
