ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ 2020 ᠤᠨ ᠤ ᠤᠯᠤᠰ ᠤᠨ ᠪᠠᠶᠠᠷ ᠪᠠ ᠨᠠᠢ᠍ᠮᠠᠨ ᠰᠠᠷ᠎ᠠ ᠶᠢᠨ ᠲᠠᠷᠭᠡᠯ ᠪᠠᠶᠠᠷ ᠤᠨ ᠬᠤᠭᠤᠴᠠᠭᠠᠨ ᠤ ᠰᠠᠬᠢᠯᠭ᠎ᠠ ᠪᠠᠳᠤ ᠶᠢ ᠴᠢᠩᠳᠠᠯᠠᠵᠤ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠶᠢ ᠴᠢᠩᠭᠠᠳᠬᠠᠬᠤ ᠠᠵᠢᠯ ᠤᠨ ᠬᠤᠷᠠᠯ ᠬᠤᠷᠠᠯᠳᠤᠭᠤᠯᠪᠠ

9 ᠰᠠᠷ᠎ᠠ ᠶᠢᠨ30᠋᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ 2020 ᠤᠨ ᠤ ᠤᠯᠤᠰ ᠤᠨ ᠪᠠᠶᠠᠷ ᠪᠠ ᠨᠠᠢ᠍ᠮᠠᠨ ᠰᠠᠷ᠎ᠠ ᠶᠢᠨ ᠲᠠᠷᠭᠡᠯ ᠪᠠᠶᠠᠷ ᠤᠨ ᠬᠤᠭᠤᠴᠠᠭᠠᠨ ᠤ ᠰᠠᠬᠢᠯᠭ᠎ᠠ ᠪᠠᠳᠤ ᠶᠢ ᠴᠢᠩᠳᠠᠯᠠᠵᠤ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠶᠢ ᠴᠢᠩᠭᠠᠳᠬᠠᠬᠤ ᠠᠵᠢᠯ ᠤᠨ ᠬᠤᠷᠠᠯ ᠬᠤᠷᠠᠯᠳᠤᠭᠤᠯᠪᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠪᠡ᠃

ᠬᠤᠷᠠᠯ ᠡᠴᠨ ᠱᠠᠭᠠᠷᠳᠠᠭᠰᠨᠨ ᠨᠢ᠂ ᠪᠠᠢᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠤᠯᠤᠰ ᠲᠦᠷᠤ ᠶᠢᠨ ᠵᠤᠭᠰᠤᠴᠨ ᠪᠠᠨ ᠦᠨᠡᠨᠬᠦ ᠲᠠᠭᠡᠭᠰᠢᠯᠡᠬᠦᠯᠵᠤ᠂《ᠲᠦᠷᠪᠠᠨ ᠤᠬᠠᠮᠰᠠᠷ》᠋ ᠶᠢᠠᠨ ᠤᠯᠠᠮ ᠨᠢᠭᠡ ᠠᠯᠬᠤᠮ ᠴᠢᠩᠭᠠᠳᠬᠠᠨ᠂ ᠬᠠᠷᠢᠭᠤᠴᠠᠯᠭ᠎ᠠ ᠡᠬᠦᠷᠭᠡᠯᠡᠯ ᠶᠢᠠᠨ ᠴᠢᠩᠭᠠᠷᠠᠭᠤᠯᠵᠤ᠂ ᠬᠦᠴᠤᠳᠠᠢ ᠠᠷᠭ᠎ᠠ ᠭᠡᠮᠵᠢᠶ᠎ᠠ ᠠᠪᠴᠤ ᠰᠤᠷᠳᠠᠯ ᠤᠨ ᠪᠠᠢᠭᠤᠯᠤᠯᠳᠠ ᠶᠢ ᠴᠢᠩᠭ᠎ᠠ᠂ ᠪᠤᠳᠠᠳᠠᠢ᠂ ᠰᠠᠢᠳᠤᠷ ᠠᠳᠬᠤᠬᠤ ᠭᠡᠷᠡᠭᠳᠡᠢ᠃ ᠲᠦᠪ ᠤᠨ ᠨᠠᠢ᠍ᠮᠠᠨ ᠵᠤᠷᠪᠤᠰ ᠲᠤᠭᠳᠠᠭᠠᠯ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠪᠠᠶᠠᠷ ᠤᠨ ᠡᠳᠤᠷ ᠤᠨ ᠬᠤᠭᠤᠴᠠᠭᠠᠨ ᠤ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠲᠤᠬᠠᠢ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠭᠡᠷᠡᠭᠳᠡᠢ᠃ ᠭᠤᠤᠯ ᠴᠤᠭᠴᠨ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠤᠳᠠᠳᠠᠢᠵᠢᠭᠤᠯᠵᠤ᠂ ᠲᠠᠭᠤᠷᠢᠶᠠᠯ ᠦᠵᠡᠬᠦᠯᠬᠦ ᠤᠢᠯᠡᠳᠤᠯ ᠢ ᠪᠠᠳᠠᠷᠠᠭᠤᠯᠤᠨ᠂ ᠪᠠᠶᠠᠷ ᠲᠤᠷᠠᠰᠬᠠᠯ ᠤᠨ ᠡᠳᠤᠷ ᠢ ᠦᠩᠭᠡᠷᠡᠬᠦᠯᠬᠦ ᠰᠢᠨ᠎ᠡ ᠰᠤᠷᠳᠠᠯ ᠢ ᠪᠤᠢ ᠪᠤᠯᠭᠠᠵᠤ᠂ ᠰᠠᠬᠢᠯᠭ᠎ᠠ ᠪᠠᠳᠤ ᠶᠢ ᠴᠢᠩᠳᠠᠯᠠᠨ᠂ ᠪᠠᠶᠠᠷ ᠤᠨ ᠡᠳᠤᠷ ᠤᠨ ᠬᠤᠭᠤᠴᠠᠭᠠᠨ ᠳᠤ《ᠲᠦᠷᠪᠠᠨ ᠰᠤᠷᠳᠠᠯ》᠋ ᠤᠨ ᠠᠰᠠᠭᠤᠳᠠᠯ ᠢ ᠲᠠᠬᠢᠨ ᠡᠬᠦᠰᠬᠦ ᠶᠢ ᠡᠷᠡᠰ ᠰᠡᠷᠬᠡᠢᠯᠡᠬᠦ ᠭᠡᠷᠡᠭᠳᠡᠢ ᠭᠡᠵᠡᠢ᠃


ᠬᠤᠷᠠᠯ ᠡᠴᠨ ᠬᠤᠳᠠ ᠶᠢᠨ ᠨᠠᠮ ᠤᠨ ᠬᠤᠷᠢᠶᠠᠨ ᠤ ᠢᠨᠲ᠋ᠸᠷ ᠰᠦᠯᠵᠢᠶᠠᠨ ᠤ ᠮᠡᠳᠡᠭᠡ ᠵᠠᠩᠬᠢ ᠶᠢᠨ ᠠᠯᠪᠠᠨ ᠭᠡᠷ᠂ ᠬᠤᠰᠢᠭᠤᠨ ᠤ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠶᠢᠨ ᠬᠠᠮᠢᠶ᠎ᠠ ᠪᠦᠬᠦᠢ ᠪᠢᠴᠢᠭ᠌ ᠮᠠᠲ᠋ᠸᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠳᠤ《ᠬᠤᠤᠰ ᠪᠠᠶᠠᠷ》᠋ ᠤᠨ ᠬᠤᠭᠤᠴᠠᠭᠠᠨ ᠤ ᠵᠢᠵᠢᠬᠦᠷᠯᠡᠬᠦ᠂ ᠠᠮᠤᠷ ᠲᠦᠪᠰᠢᠨ ᠤ ᠬᠠᠮᠠᠭᠠᠯᠠᠯᠳᠠ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠵᠡᠷᠭᠡ ᠪᠤᠳᠠᠳᠠᠢ ᠠᠵᠢᠯ ᠢ ᠲᠤᠬᠢᠷᠠᠭᠤᠯᠤᠨ ᠪᠠᠢᠷᠢᠯᠠᠭᠤᠯᠪᠠ᠃(ᠳ᠋ᠠᠢ ᠰᠢᠶᠦ᠋ᠩ)