ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠡᠬᠦᠷ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢ ᠡᠬᠦᠳᠤᠨ ᠪᠠᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ


        

        9 ᠰᠠᠷ᠎ᠠ ᠶᠢᠨ 30᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠡᠬᠦᠷ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢ ᠡᠬᠦᠳᠤᠨ ᠪᠠᠢᠭᠤᠯᠬᠤ ᠠᠵᠢᠯ ᠤᠨ ᠭᠤᠤᠯ ᠰᠡᠳᠤᠪᠳᠤ ᠨᠠᠮ ᠤᠨ ᠡᠳᠤᠷ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠠᠬᠦ ᠶᠢᠨ ᠬᠠᠮᠳᠤ ᠲᠠᠭᠠᠭᠤᠯᠤᠨ ᠰᠤᠷᠤᠯᠴᠠᠪᠠ᠃

        
           ᠬᠤᠷᠠᠯ ᠡᠴᠨ ᠱᠠᠭᠠᠷᠳᠠᠭᠰᠨᠨ ᠨᠢ᠂ ᠪᠠᠢᠭᠤᠯᠭ᠎ᠠ ᠶᠢᠨ ᠺᠠᠳ᠋ᠷ ᠠᠵᠢᠯᠳᠠᠨ ᠰᠢ ᠵᠢᠨ ᠫᠢᠩ ᠶᠡᠷᠤᠩᠭᠡᠢ ᠱᠦᠵᠢ ᠶᠢᠨ ᠦᠨᠳᠤᠰᠤᠳᠠᠨ ᠤ ᠠᠵᠢᠯ ᠤᠨ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ᠂ ᠨᠠᠮ ᠤᠨ ᠦᠨᠳᠤᠰᠤᠳᠠᠨ ᠤ ᠤᠨᠤᠯ᠂ ᠦᠨᠳᠤᠰᠤᠳᠠᠨ ᠤ ᠲᠦᠷᠤ ᠶᠢᠨ ᠪᠤᠳᠤᠯᠭ᠎ᠠ ᠪᠠ ᠨᠠᠮ ᠤᠨ ᠨᠢᠭᠡᠳᠤᠮᠠᠯ ᠹᠷᠤᠨᠲ ᠤᠨ ᠤᠨᠤᠯ ᠴᠢᠭᠯᠡᠯᠳᠠ ᠲᠦᠷᠤ ᠶᠢᠨ ᠪᠤᠳᠤᠯᠭ᠎ᠠ ᠶᠢ ᠪᠠᠳᠤᠳᠠᠢ ᠡᠵᠡᠮᠰᠢᠬᠦ ᠭᠡᠷᠡᠭᠳᠡᠢ᠃《ᠲᠤᠮᠳᠠᠳᠤ ᠶᠢᠨ ᠦᠨᠳᠤᠰᠤᠳᠠᠨ ᠨᠢᠭᠡ ᠭᠡᠷ ᠪᠦᠯᠢ᠂ ᠲᠤᠮᠳᠠᠳᠤ ᠶᠢᠨ ᠵᠡᠬᠦᠳᠤ ᠶᠢ ᠬᠠᠮᠳᠤᠪᠠᠷ ᠲᠠᠷᠭᠡᠯᠰᠢᠬᠦᠯᠦᠶ᠎ᠠ》ᠭᠤᠤᠯ ᠰᠡᠳᠤᠪ ᠤᠨ ᠲᠤᠭᠤᠷᠢᠨ ᠳᠤ᠂ ᠰᠢᠨ᠎ᠡ ᠴᠠᠭ ᠦᠶ᠎ᠠ ᠶᠢᠨ ᠦᠨᠳᠤᠰᠤᠳᠠᠨ ᠤ ᠪᠦᠯᠬᠦᠮᠳᠠᠯ ᠤᠨ ᠠᠵᠢᠯ ᠤᠨ ᠵᠦᠪ ᠤᠨᠤᠪᠴᠢᠳᠠᠢ ᠲᠦᠷᠤ ᠶᠢᠨ ᠪᠤᠳᠤᠯᠭ᠎ᠠ ᠶᠢ ᠢᠮᠠᠭᠳᠠ ᠪᠠᠷᠢᠮᠳᠠᠯᠠᠵᠤ᠂ ᠰᠠᠢᠳᠤᠷ ᠰᠤᠷᠤᠯᠴᠠᠨ ᠤᠢᠯᠠᠭᠠᠵᠤ᠂ ᠨᠠᠮ ᠤᠨ ᠦᠨᠳᠤᠰᠤᠳᠠᠨ ᠤ ᠤᠨᠤᠯ ᠪᠠ ᠦᠨᠳᠤᠰᠤᠳᠠᠨ ᠤ ᠲᠦᠷᠤ ᠶᠢᠨ ᠪᠤᠳᠤᠯᠭ᠎ᠠ ᠪᠡᠷ ᠦᠨᠳᠤᠰᠤᠳᠠᠨ ᠤ ᠠᠵᠢᠯ ᠢ ᠵᠢᠯᠤᠭᠤᠳᠤᠯᠬᠤ ᠭᠡᠷᠡᠭᠳᠡᠢ᠃ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠡᠬᠦᠷᠭᠡ ᠬᠠᠷᠢᠭᠤᠴᠠᠯᠭ᠎ᠠ  ᠪᠠᠨ ᠬᠦᠢᠴᠡᠳᠭᠡᠨ᠂ ᠬᠠᠮᠳᠤᠪᠠᠷ ᠡᠬᠦᠳᠤᠨ ᠪᠠᠢᠭᠤᠯᠬᠤ ᠳᠤ ᠤᠷᠤᠯᠴᠠᠬᠤ ᠪᠠ ᠬᠠᠮᠳᠤᠪᠠᠷ ᠡᠬᠦᠳᠤᠨ ᠪᠠᠢᠭᠤᠯᠬᠤ ᠶᠢ ᠠᠬᠢᠭᠤᠯᠬᠤ ᠰᠠᠢᠨ ᠰᠠᠢᠬᠠᠨ ᠠᠭᠤᠷ ᠠᠮᠢᠰᠬᠤᠯ ᠢ ᠪᠤᠢ ᠪᠤᠯᠭᠠᠨ᠂ ᠮᠠᠨ ᠤ ᠬᠤᠰᠢᠭᠤᠨ ᠤ ᠦᠨᠳᠤᠰᠤᠳᠠᠨ ᠤ ᠪᠦᠯᠬᠦᠮᠳᠠᠯ ᠤᠨ ᠲᠠᠪᠰᠢᠯᠳᠠ ᠶᠢᠨ ᠵᠢᠱᠢᠶ᠎ᠠ ᠦᠵᠡᠬᠦᠯᠬᠦ ᠪᠦᠳᠤᠭᠡᠨ ᠪᠠᠢᠭᠤᠯᠤᠯᠳᠠ ᠳᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠺᠠᠳ᠋ᠷ ᠤᠨ ᠬᠦᠴᠤᠨ ᠴᠢᠳᠠᠯ ᠶᠢᠠᠨ ᠡᠷᠬᠦᠬᠦ ᠭᠡᠷᠡᠭᠳᠡᠢ ᠭᠡᠵᠡᠢ᠃

        
            ᠰᠤᠷᠤᠯᠴᠠᠯᠭ᠎ᠠ ᠪᠠᠷ ᠲᠠᠮᠵᠢᠨ᠂ ᠪᠦᠬᠦ ᠺᠠᠳ᠋ᠷ ᠠᠵᠢᠯᠳᠠᠨ ᠤ ᠦᠨᠳᠤᠰᠤᠳᠠᠨ ᠤ ᠪᠦᠯᠬᠦᠮᠳᠠᠯ ᠤᠨ ᠲᠠᠪᠰᠢᠯᠳᠠ ᠶᠢ ᠡᠬᠦᠳᠤᠨ ᠪᠠᠢᠭᠤᠯᠬᠤ ᠠᠵᠢᠯ ᠤᠨ ᠤᠢᠯᠠᠭᠠᠯᠳᠠ ᠶᠢ ᠤᠯᠠᠮ ᠨᠢᠭᠡ ᠠᠯᠬᠤᠮ ᠬᠦᠨᠵᠡᠭᠡᠢᠷᠡᠬᠦᠯᠵᠤ᠂ ᠠᠵᠢᠯ ᠤᠨ ᠰᠡᠳᠬᠢᠮᠵᠢ ᠶᠢ ᠲᠤᠳᠤᠳᠬᠠᠠ᠂ ᠠᠵᠢᠯᠯᠠᠬᠤ ᠠᠷᠭ᠎ᠠ ᠠᠪᠴᠠᠯ ᠢ ᠡᠵᠡᠮᠰᠢᠬᠦᠯᠵᠤ᠂ ᠪᠦᠬᠦ ᠬᠤᠰᠢᠭᠤᠨ ᠤ ᠪᠦᠬᠦ ᠤᠯᠤᠰ ᠤᠨ ᠦᠨᠳᠤᠰᠤᠳᠠᠨ ᠤ ᠪᠦᠯᠬᠦᠮᠳᠠᠯ ᠤᠨ ᠲᠠᠪᠰᠢᠯᠳᠠ ᠶᠢᠨ ᠵᠢᠱᠢᠶ᠎ᠠ ᠦᠵᠡᠬᠦᠯᠬᠦ ᠬᠤᠰᠢᠭᠤ ᠶᠢ ᠡᠬᠦᠳᠤᠨ ᠪᠠᠢᠭᠤᠯᠬᠤ ᠠᠵᠢᠯ ᠢ ᠠᠬᠢᠭᠤᠯᠬᠤ ᠳᠤ ᠰᠠᠭᠤᠷᠢ ᠲᠠᠯᠪᠢᠪᠠ᠃(ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠰᠢ ᠵᠢᠨ ᠫᠢᠩ ᠶᠡᠷᠤᠩᠭᠡᠢ ᠱᠦᠵᠢ ᠶᠢᠨ ᠢᠳᠡᠭᠡᠨ ᠤᠮᠳᠠᠭᠠᠨ ᠢ ᠪᠦᠷᠢᠯᠭᠡᠨ ᠰᠤᠢᠳᠭᠡᠬᠦ ᠤᠢᠯᠨ ᠠᠵᠢᠯᠯᠠᠭ᠎ᠠ ᠶᠢ ᠡᠷᠡᠰ ᠬᠤᠷᠢᠭᠯᠠᠨ ᠵᠤᠭᠰᠤᠭᠠᠬᠤ ᠲᠤᠬᠠᠢ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠰᠢ ᠵᠢᠨ ᠫᠢᠩ ᠶᠡᠷᠤᠩᠭᠡᠢ ᠱᠦᠵᠢ ᠶᠢᠨ ᠴᠢᠳᠠᠪᠤᠷᠢᠳᠠᠨ ᠤ ᠠᠵᠢᠯ ᠪᠠ ᠢᠳᠠᠷ ᠵᠠᠯᠠᠭᠤ ᠺᠠᠳ᠋ᠷ ᠤᠨ ᠪᠤᠯᠪᠠᠰᠤᠷᠠᠯ ᠤᠨ ᠠᠩᠬᠢ ᠡᠬᠢᠯᠡᠬᠦ ᠶᠤᠰᠤᠯᠡᠯ ᠲᠠᠭᠡᠷᠡᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢᠨ ᠲᠤᠬᠠᠢ ᠰᠤᠷᠤᠯᠴᠠᠭᠰᠨᠨ ᠨᠢ