ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠰᠢ ᠵᠢᠨ ᠫᠢᠩ ᠶᠡᠷᠤᠩᠭᠡᠢ ᠱᠦᠵᠢ ᠶᠢᠨ ᠴᠢᠳᠠᠪᠤᠷᠢᠳᠠᠨ ᠤ ᠠᠵᠢᠯ ᠪᠠ ᠢᠳᠠᠷ ᠵᠠᠯᠠᠭᠤ ᠺᠠᠳ᠋ᠷ ᠤᠨ ᠪᠤᠯᠪᠠᠰᠤᠷᠠᠯ ᠤᠨ ᠠᠩᠬᠢ ᠡᠬᠢᠯᠡᠬᠦ ᠶᠤᠰᠤᠯᠡᠯ ᠲᠠᠭᠡᠷᠡᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢᠨ ᠲᠤᠬᠠᠢ ᠰᠤᠷᠤᠯᠴᠠᠭᠰᠨᠨ ᠨᠢ


       


        

     《ᠵᠠᠷᠤᠤᠨ ᠬᠤᠰᠢᠭᠤᠨ ᠤ 2020 ᠤᠨ ᠤ ᠴᠢᠳᠠᠪᠤᠷᠢᠳᠠᠨ ᠤ ᠠᠵᠢᠯ ᠤᠨ ᠤᠬᠠᠭᠤᠯᠭ᠎ᠠ ᠶᠢᠨ ᠰᠠᠷ᠎ᠠ ᠶᠢᠨ ᠬᠦᠳᠡᠯᠭᠡᠭᠡᠨ ᠤ ᠲᠦᠰᠤᠯ》᠋ ᠤᠨ ᠮᠡᠳᠡᠭᠳᠡᠯ ᠪᠠ《ᠰᠢ ᠵᠢᠨ ᠫᠢᠩ ᠶᠡᠷᠤᠩᠭᠡᠢ ᠱᠦᠵᠢ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠲᠤᠰᠬᠠᠢ ᠰᠡᠳᠤᠪ ᠶᠢᠠᠷ ᠰᠤᠷᠤᠯᠴᠠᠵᠤ ᠰᠤᠳᠤᠯᠤᠨ ᠶᠠᠷᠢᠯᠴᠠᠬᠤ ᠲᠤᠬᠠᠢ ᠮᠡᠳᠡᠭᠳᠡᠯ》᠋ ᠤᠨ ᠱᠠᠭᠠᠷᠳᠠᠯᠭ᠎ᠠ ᠶᠤᠰᠤᠭᠠᠷ᠂ 10 ᠰᠠᠷ᠎ᠠ ᠶᠢᠨ 16᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠲᠤᠰᠬᠠᠢ ᠰᠡᠳᠤᠪᠳᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ᠰᠢ ᠵᠢᠨ ᠫᠢᠩ ᠶᠡᠷᠤᠩᠭᠡᠢ ᠱᠦᠵᠢ ᠶᠢᠨ ᠴᠢᠳᠠᠪᠤᠷᠢᠳᠠᠨ ᠤ ᠠᠵᠢᠯ ᠤᠨ ᠰᠢᠷᠢᠰ ᠴᠢᠬᠤᠯᠨ ᠶᠠᠷᠢᠶᠠᠨ ᠤ ᠵᠤᠷᠢᠭ ᠰᠠᠨᠠᠭ᠎ᠠ ᠪᠠ 2020 ᠤᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠤᠨ ᠨᠠᠮ ᠤᠨ ᠰᠤᠷᠭᠠᠭᠤᠯᠢ(ᠤᠯᠤᠰ ᠤᠨ ᠵᠠᠰᠠᠭ ᠵᠠᠬᠢᠷᠭᠠᠨ ᠤ ᠲᠠᠭᠡᠳᠤ ᠰᠤᠷᠭᠠᠭᠤᠯᠢ)᠋᠋ ᠶᠢᠨ ᠢᠳᠡᠷ ᠵᠠᠯᠠᠭᠤ ᠺᠠᠳ᠋ᠷ ᠤᠨ ᠪᠤᠯᠪᠠᠰᠤᠷᠠᠯ ᠤᠨ ᠠᠩᠬᠢ ᠡᠬᠢᠯᠡᠬᠦ ᠶᠤᠰᠤᠯᠠᠯ ᠲᠠᠭᠡᠷᠠᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠪᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠨ ᠲᠠᠭᠠᠭᠤᠯᠵᠤ ᠰᠤᠷᠤᠯᠴᠠᠨ᠂ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠰᠤᠷᠤᠯᠴᠠᠯᠭ᠎ᠠ ᠳᠤ ᠤᠷᠤᠯᠴᠠᠪᠠ᠃

        
            ᠬᠤᠷᠠᠯ ᠡᠴᠨ᠂ ᠴᠢᠳᠠᠪᠤᠷᠢᠳᠠᠨ ᠤ ᠠᠵᠢᠯ ᠢ ᠴᠢᠩᠭᠠᠳᠬᠠᠨ᠂ ᠦᠵᠡᠯ ᠰᠠᠨᠠᠭ᠎ᠠ ᠲᠠᠨᠢᠯᠳᠠ ᠪᠠᠨ ᠬᠦᠨᠵᠡᠭᠡᠢᠷᠡᠬᠦᠯᠵᠤ᠂ ᠴᠢᠳᠠᠪᠤᠷᠢᠳᠠᠨ ᠤ ᠠᠵᠢᠯ ᠤᠨ ᠤᠬᠠᠮᠰᠠᠷᠳᠤ ᠴᠢᠨᠠᠷ ᠪᠠ ᠰᠠᠨᠠᠭᠠᠴᠢᠯᠭᠠᠳᠤ ᠴᠢᠨᠠᠷ ᠶᠢᠠᠨ ᠴᠢᠩᠭᠠᠳᠬᠠᠬᠤ ᠭᠡᠷᠡᠭᠳᠡᠢ᠃ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠴᠢᠳᠠᠪᠤᠷᠢᠳᠠᠨ ᠤ ᠠᠵᠢᠯ ᠤᠨ ᠰᠢᠢᠳᠪᠤᠷᠢᠳᠤ ᠪᠤᠳᠤᠯᠭ᠎ᠠ ᠪᠠ ᠤᠯᠤᠰ ᠲᠦᠷᠤ ᠶᠢᠨ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ ᠤᠬᠠᠭᠤᠯᠬᠤ ᠭᠡᠷᠡᠭᠳᠡᠢ᠃ ᠴᠢᠳᠠᠪᠤᠷᠢᠳᠠᠨ ᠤ ᠠᠵᠢᠯ ᠤᠨ ᠰᠢᠨ᠎ᠠ ᠠᠷᠭ᠎ᠠ ᠠᠪᠴᠠᠯ᠂ ᠰᠢᠨ᠎ᠠ ᠨᠡᠢᠳᠡᠯᠢᠭ᠌ ᠵᠢᠱᠢᠶ᠎ᠠ᠂ᠰᠢᠨ᠎ᠠ ᠦᠷ᠎ᠠ ᠪᠦᠳᠤᠮᠵᠢ ᠶᠢ ᠴᠠᠭ ᠲᠤᠬᠠᠢ ᠳᠤᠨᠢ ᠤᠬᠠᠭᠤᠯᠤᠨ ᠳ᠋ᠦᠩᠨᠡᠵᠤ᠂ ᠴᠢᠳᠠᠪᠤᠷᠢᠳᠠᠨ ᠢ ᠲᠠᠨᠢᠬᠤ᠂ ᠴᠢᠳᠠᠪᠤᠷᠢᠳᠠᠨ ᠢ ᠬᠠᠢᠷᠠᠯᠠᠬᠤ᠂ ᠴᠢᠳᠠᠪᠤᠷᠢᠳᠠᠨ ᠢ ᠬᠦᠨᠳᠤᠳᠭᠡᠬᠦ᠂ ᠴᠢᠳᠠᠪᠤᠷᠢᠳᠠᠨ ᠢ ᠭᠡᠷᠡᠭᠯᠡᠬᠦ ᠰᠠᠢᠨ ᠰᠠᠢᠬᠠᠨ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠡᠢ ᠭᠡᠵᠤ ᠴᠢᠬᠤᠯᠠᠴᠢᠯᠠᠪᠠ᠃

        

        ᠬᠤᠷᠠᠯ ᠲᠠᠭᠡᠷ᠎ᠠ ᠪᠠᠰᠨ ᠰᠢ ᠵᠢᠨ ᠫᠢᠩ ᠶᠡᠷᠤᠩᠭᠡᠢ ᠱᠦᠵᠢ ᠶᠢᠨ2020 ᠤᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠤᠨ ᠨᠠᠮ ᠤᠨ ᠰᠤᠷᠭᠠᠭᠤᠯᠢ(ᠤᠯᠤᠰ ᠤᠨ ᠵᠠᠰᠠᠭ ᠵᠠᠬᠢᠷᠭᠠᠨ ᠤ ᠲᠠᠭᠡᠳᠤ ᠰᠤᠷᠭᠠᠭᠤᠯᠢ)᠋ ᠶᠢᠨ ᠢᠳᠡᠷ ᠵᠠᠯᠠᠭᠤ ᠺᠠᠳ᠋ᠷ ᠤᠨ ᠪᠤᠯᠪᠠᠰᠤᠷᠠᠯ ᠤᠨ ᠠᠩᠬᠢ ᠡᠬᠢᠯᠡᠬᠦ ᠶᠤᠰᠤᠯᠠᠯ ᠲᠠᠭᠡᠷᠠᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠬᠤ ᠶᠢᠨ ᠬᠠᠮᠳᠤ ᠲᠤᠰᠬᠠᠢ ᠰᠡᠳᠤᠪ ᠶᠢᠠᠷ ᠰᠤᠳᠤᠯᠤᠨ ᠶᠠᠷᠢᠯᠴᠠᠪᠠ᠃

        
              ᠰᠤᠷᠤᠯᠴᠠᠯᠭ᠎ᠠ ᠳᠤ ᠤᠷᠤᠯᠴᠠᠭᠰᠨᠨ ᠪᠦᠬᠦ ᠺᠠᠳ᠋ᠷ ᠡᠴᠨ᠂ ᠰᠢ ᠵᠢᠨ ᠫᠢᠩ ᠶᠡᠷᠤᠩᠭᠡᠢ ᠱᠦᠵᠢ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠤᠯᠤᠰ ᠲᠦᠷᠤ ᠶᠢᠨ ᠴᠢᠳᠠᠪᠤᠷᠢ᠂ ᠰᠤᠳᠤᠯᠤᠨ ᠪᠠᠢᠴᠠᠭᠠᠯᠳᠠ ᠶᠢᠨ ᠴᠢᠳᠠᠪᠤᠷᠢ᠂ ᠰᠢᠨᠵᠢᠯᠡᠬᠦ ᠤᠬᠠᠭᠠᠨᠴᠢ ᠰᠢᠢᠳᠪᠤᠷᠢᠳᠤ ᠪᠤᠳᠤᠯᠭ᠎ᠠ ᠶᠢᠨ ᠴᠢᠳᠠᠪᠤᠷᠢ᠂ ᠦᠭᠡᠷᠡᠴᠢᠯᠡᠵᠤ ᠪᠠᠬᠢᠯᠡᠯᠳᠠ ᠰᠢᠪᠳᠤᠯᠬᠤ ᠴᠢᠳᠠᠪᠤᠷᠢ᠂ ᠪᠠᠴᠢᠮ ᠭᠡᠷᠡᠭ ᠢ ᠰᠢᠢᠳᠪᠤᠷᠢᠯᠡᠬᠦ ᠴᠢᠳᠠᠪᠤᠷᠢ᠂ ᠤᠯᠠᠠ ᠲᠦᠮᠡᠨᠴᠢ ᠠᠵᠢᠯ ᠤᠨ ᠴᠢᠳᠠᠪᠤᠷᠢ᠂ ᠠᠵᠢᠯ ᠢ ᠨᠠᠢᠳᠠᠪᠤᠷᠢᠵᠢᠭᠤᠯᠬᠤ ᠴᠢᠳᠠᠪᠤᠷᠢ ᠪᠠᠨ ᠴᠢᠷᠮᠠᠢᠨ ᠲᠠᠭᠡᠭᠰᠢᠯᠡᠬᠦᠯᠵᠤ᠂ ᠠᠰᠠᠭᠤᠳᠠᠯ ᠳᠤ ᠵᠤᠷᠢᠭᠳᠠᠢ ᠬᠠᠨᠳᠤᠨ᠂ ᠠᠵᠢᠯ ᠬᠢᠵᠤ᠂ ᠠᠵᠢᠯ ᠢ ᠰᠠᠢᠳᠤᠷ ᠬᠢᠵᠤ᠂ ᠠᠵᠢᠯ ᠢ ᠬᠢᠵᠤ ᠪᠦᠳᠤᠭᠡᠨ᠂ ᠬᠦᠴᠢᠷ ᠠᠰᠠᠭᠤᠳᠠᠯ ᠢ ᠲᠠᠰᠤᠷᠠᠯᠳᠠ ᠦᠭᠡᠢ ᠰᠢᠢᠳᠪᠤᠷᠢᠯᠡᠨ᠎ᠡ ᠭᠡᠵᠤ ᠢᠯᠡᠷᠭᠡᠢᠯᠡᠵᠡᠭᠡᠪᠡ᠃(ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠡᠬᠦᠷ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢ ᠡᠬᠦᠳᠤᠨ ᠪᠠᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠡᠬᠦᠷ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠢᠭᠤᠯᠤᠯᠳᠠ ᠶᠢᠨ ᠨᠠᠮ ᠤᠨ ᠪᠠᠢᠭᠤᠯᠤᠯᠳᠠ ᠶᠢᠨ ᠠᠵᠢᠯ ᠤᠨ ᠪᠦᠬᠦ ᠲᠠᠯ᠎ᠠ ᠪᠡᠷ ᠪᠠᠢᠴᠠᠭᠠᠬᠤ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠤᠨ ᠡᠮᠤᠨᠡᠬᠢ ᠰᠤᠷᠤᠯᠴᠠᠯᠭ᠎ᠠ ᠬᠢᠪᠡ