ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠬᠤᠰᠢᠭᠤᠨ ᠤ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠭᠡᠯ ᠤᠨ ᠬᠠᠤᠯᠢ》᠋ ᠶᠢ ᠲᠤᠭᠤᠰᠢᠯᠠᠭᠤᠯᠤᠨ ᠭᠡᠷᠡᠭᠵᠢᠬᠦᠯᠦᠭᠰᠨᠨ ᠪᠠᠢᠳᠠᠯ ᠳᠤ ᠬᠠᠤᠯᠢ ᠭᠡᠷᠡᠭᠵᠢᠬᠦᠯᠦᠯᠳᠠ ᠶᠢᠨ ᠪᠠᠢᠴᠠᠭᠠᠯᠳᠠ ᠬᠢᠭᠰᠡᠡ ᠨᠢ
ᠤᠢᠷ᠎ᠠ ᠶᠢᠨ ᠡᠳᠤᠷ ᠲᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠪᠦ᠋ ᠮᠤᠤ ᠰᠢᠶᠠᠩ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠦᠪᠯᠡᠯ ᠤᠨ ᠬᠠᠷᠢᠭᠤᠴᠠᠯᠭᠠᠳᠠᠨ ᠵᠢᠴᠢ ᠭᠡᠰᠡᠭ ᠠᠷᠠᠳ ᠤᠨ ᠲᠦᠯᠤᠭᠡᠯᠡᠭᠴᠢ ᠶᠢ ᠲᠠᠭᠠᠭᠤᠯᠤᠨ᠂ ᠤᠷᠢᠳ ᠬᠤᠵᠢᠳ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ᠂ ᠯᠦᠪᠸᠢ ᠵᠡᠭᠡᠯᠢ ᠭᠤᠳᠤᠮᠵᠢ᠂ ᠯᠦᠪᠸᠢ ᠪᠠᠯᠭᠠᠰᠤ ᠵᠡᠷᠭᠡ ᠭᠠᠵᠠᠷ ᠲᠤ ᠬᠦᠷᠴᠤ᠂ ᠮᠠᠨ ᠤ ᠬᠤᠰᠢᠭᠤᠨ ᠤ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠭᠡᠯ ᠤᠨ ᠬᠠᠤᠯᠢ》᠋ ᠶᠢ ᠲᠤᠭᠤᠰᠢᠯᠠᠭᠤᠯᠤᠨ ᠭᠡᠷᠡᠭᠵᠢᠬᠦᠯᠦᠭᠰᠨᠨ ᠪᠠᠢᠳᠠᠯ ᠳᠤ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠯᠳᠠ ᠬᠢᠪᠡ᠃

ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠯᠳᠠ ᠨᠢ ᠰᠠᠭᠤᠳᠠᠯ ᠤᠨ ᠬᠤᠷᠠᠯ ᠬᠤᠷᠠᠯᠳᠤᠭᠤᠯᠬᠤ᠂ ᠪᠤᠳᠠᠳᠠᠢ ᠭᠠᠵᠠᠷ ᠲᠤ ᠪᠠᠢᠴᠠᠭᠠᠨ ᠦᠵᠡᠬᠦ ᠪᠡᠷ ᠲᠠᠮᠵᠢᠨ᠂ ᠪᠦᠬᠦ ᠬᠤᠰᠢᠭᠤᠨ ᠤ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠭᠡᠯ ᠤᠨ ᠬᠠᠤᠯᠢ》᠋ ᠶᠢ ᠲᠤᠭᠤᠰᠢᠯᠠᠭᠤᠯᠤᠨ ᠭᠡᠷᠡᠭᠵᠢᠬᠦᠯᠦᠭᠰᠨᠨ ᠪᠠᠢᠳᠠᠯ ᠢ ᠨᠠᠷᠢᠨ ᠤᠢᠯᠠᠭᠠᠬᠤ ᠶᠢᠨ ᠬᠠᠮᠳᠤ ᠤᠷᠤᠰᠢᠵᠤ ᠪᠠᠢᠭ᠎ᠠ ᠠᠰᠠᠭᠤᠳᠠᠯ ᠳᠤ ᠰᠠᠨᠠᠯ ᠰᠠᠨᠠᠭᠤᠯᠭ᠎ᠠ ᠲᠤᠷᠠᠳᠪᠠ᠃

ᠪᠠᠢᠴᠠᠭᠠᠬᠤ ᠲᠤᠭᠤᠢᠯᠠᠩ ᠡᠴᠨ ᠵᠢᠭᠠᠵᠤ ᠭᠠᠷᠭᠠᠭᠰᠨᠨ ᠨᠢ᠂《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠭᠡᠯ ᠤᠨ ᠬᠠᠤᠯᠢ》ᠵᠢᠴᠢ ᠭᠡᠷᠡᠭᠵᠢᠬᠦᠯᠬᠦ ᠨᠠᠷᠢᠨ ᠲᠦᠷᠢᠮ ᠢ ᠬᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠭᠡᠯ ᠤᠨ ᠬᠠᠤᠯᠢ》᠋ ᠶᠢᠨ ᠰᠤᠷᠤᠯᠴᠠᠯᠭ᠎ᠠ ᠪᠠ ᠤᠬᠠᠭᠤᠯᠭ᠎ᠠ ᠶᠢ ᠲᠠᠰᠤᠷᠠᠯᠳᠠ ᠦᠭᠡᠢ ᠴᠢᠩᠭᠠᠳᠬᠠᠨ᠂ ᠺᠠᠳ᠋ᠷ ᠠᠵᠢᠯᠳᠠᠨ ᠤ ᠬᠠᠤᠯᠢ ᠴᠠᠭᠠᠵᠨ ᠬᠠᠤᠯᠢ ᠲᠦᠷᠢᠮ ᠤᠨ ᠮᠡᠳᠡᠯᠭᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠺᠠᠳ᠋ᠷ ᠠᠵᠢᠯᠳᠠᠨ ᠤ ᠲᠤᠭ᠎ᠠ ᠪᠦᠷᠢᠳᠭᠡᠯ ᠤᠨ ᠬᠠᠤᠯᠢ ᠴᠠᠭᠠᠵᠨ ᠶᠢᠨ ᠭᠡᠪ ᠪᠤᠯᠪᠠᠰᠤᠷᠠᠯ ᠢ ᠲᠠᠰᠤᠷᠠᠯᠳᠠ ᠦᠭᠡᠢ ᠲᠠᠭᠡᠭᠰᠢᠯᠡᠬᠦᠯᠤᠨ᠂ ᠪᠦᠬᠦ ᠨᠡᠢᠭᠡᠮ ᠶᠢᠠᠷ ᠶᠢᠠᠨ ᠲᠤᠭ᠎ᠠ ᠪᠦᠷᠢᠳᠭᠡᠯ ᠢ ᠤᠢᠯᠠᠭᠠᠬᠤ᠂ ᠲᠤᠭ᠎ᠠ ᠪᠦᠷᠢᠳᠭᠡᠯ ᠢ ᠲᠠᠮᠵᠢᠬᠦ᠂ ᠬᠠᠤᠯᠢ ᠶᠤᠰᠤᠭᠠᠷ ᠲᠤᠭ᠎ᠠ ᠪᠦᠷᠢᠳᠭᠡᠯ ᠤᠨ ᠡᠬᠦᠷᠭᠡ ᠬᠠᠷᠢᠭᠤᠴᠠᠯᠭ᠎ᠠ ᠶᠢ ᠬᠦᠢᠴᠡᠳᠭᠡᠬᠦ ᠰᠠᠢᠨ ᠰᠠᠢᠬᠠᠨ ᠠᠭᠤᠷ ᠠᠮᠢᠰᠬᠤᠯ ᠢ ᠪᠤᠢ ᠪᠤᠯᠭᠠᠬᠤ ᠪᠡᠷ ᠴᠢᠷᠮᠠᠢᠬᠤ ᠭᠡᠷᠡᠭᠳᠡᠢ᠃ ᠪᠦᠳᠤᠮᠵᠢᠳᠠᠢ ᠠᠷᠭ᠎ᠠ ᠭᠡᠮᠵᠢᠶ᠎ᠠ ᠠᠪᠴᠤ᠂ ᠠᠵᠤ ᠠᠬᠤᠢ ᠶᠢᠨ ᠲᠤᠭ᠎ᠠ ᠪᠠᠷᠢᠮᠳᠠ ᠶᠢ ᠪᠤᠳᠠᠳᠠᠢᠵᠢᠭᠤᠯᠤᠨ᠂ ᠨᠢᠭᠡᠳᠭᠡᠪᠠᠯ ᠵᠤᠬᠢᠬᠤ ᠪᠦᠬᠦᠨ ᠢ ᠨᠢᠭᠡᠳᠭᠡᠳᠬᠦ ᠶᠢ ᠪᠡᠶᠡᠯᠡᠬᠦᠯᠵᠤ᠂ ᠲᠤᠭ᠎ᠠ ᠪᠦᠷᠢᠳᠭᠡᠯ ᠤᠨ ᠲᠤᠭ᠎ᠠ ᠪᠠᠷᠢᠮᠳᠠ ᠶᠢᠨ ᠦᠨᠡᠨ ᠪᠤᠳᠠᠳᠤ ᠴᠢᠨᠠᠷ ᠢ ᠲᠠᠭᠡᠭᠰᠢᠯᠡᠬᠦᠯᠬᠦ ᠪᠡᠷ ᠡᠬᠢᠯᠡᠯᠳᠠ ᠪᠠ ᠲᠠᠬᠦᠰᠭᠡᠯ ᠤᠨ ᠴᠡᠭ ᠪᠤᠯᠭᠠᠨ᠂ ᠲᠤᠭ᠎ᠠ ᠪᠦᠷᠢᠳᠭᠡᠯ ᠤᠨ ᠠᠮᠢᠵᠢᠷᠠᠯ ᠤᠨ ᠬᠦᠴᠤᠨ ᠢ ᠴᠢᠩᠭᠠᠷᠠᠭᠤᠯᠬᠤ ᠭᠡᠷᠡᠭᠳᠡᠢ᠃ ᠲᠤᠭ᠎ᠠ ᠪᠦᠷᠢᠳᠭᠡᠯ ᠤᠨ ᠠᠵᠢᠯ ᠤᠨ ᠤᠷᠴᠢᠨ ᠲᠤᠭᠤᠷᠢᠨ ᠢ ᠬᠦᠴᠤᠯᠡᠨ ᠰᠠᠢᠵᠢᠷᠠᠭᠤᠯᠵᠤ᠂ ᠲᠤᠭ᠎ᠠ ᠪᠦᠷᠢᠳᠭᠡᠯ ᠤᠨ ᠡᠯ᠎ᠠ ᠲᠦᠷᠤᠯ ᠤᠨ ᠪᠠᠢᠴᠠᠭᠠᠯᠳᠠ᠂ ᠨᠡᠢᠳᠠᠮ ᠪᠠᠢᠴᠠᠭᠠᠯᠳᠠ ᠪᠠ ᠡᠯ᠎ᠠ ᠲᠦᠷᠤᠯ ᠤᠨ ᠲᠤᠭᠳᠠᠮᠠᠯ ᠬᠤᠭᠤᠴᠠᠭ᠎ᠠ ᠲᠠᠢ ᠮᠡᠳᠡᠬᠦᠯᠬᠦ ᠬᠦᠰᠤᠨᠦᠭᠳᠤ ᠶᠢᠨ ᠠᠵᠢᠯ ᠤᠨ ᠡᠬᠦᠷᠭᠡ ᠶᠢ ᠬᠦᠢᠴᠡᠳ ᠬᠦᠴᠤᠳᠠᠢ ᠪᠠᠶᠠᠯᠡᠬᠦᠯᠬᠦ ᠶᠢ ᠪᠠᠳᠤᠯᠠᠨ᠂ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠲᠤ ᠡᠯ᠎ᠠ ᠲᠦᠷᠤᠯ ᠤᠨ ᠲᠤᠭ᠎ᠠ ᠪᠦᠷᠢᠳᠭᠡᠯ ᠤᠨ ᠮᠠᠲ᠋ᠸᠷᠢᠶᠠᠯ ᠢ ᠪᠦᠬᠦ ᠲᠠᠯ᠎ᠠ ᠪᠠᠷ᠂ ᠴᠠᠭ ᠲᠤᠬᠠᠢ ᠳᠤᠨᠢ᠂ ᠤᠨᠤᠪᠴᠢᠳᠠᠢ ᠬᠠᠩᠭᠠᠬᠤ ᠭᠡᠷᠡᠭᠳᠡᠢ᠃ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠤᠨ ᠠᠮᠨ ᠶᠢᠨ ᠨᠡᠢᠳᠠᠮ ᠪᠠᠢᠴᠠᠭᠠᠯᠳᠠ ᠶᠢᠨ ᠤᠬᠠᠭᠤᠯᠤᠨ ᠲᠠᠢᠴᠢᠯᠠᠯᠳᠠ ᠪᠠ ᠵᠤᠬᠢᠶᠠᠨ ᠪᠠᠢᠭᠤᠯᠵᠤ ᠭᠡᠷᠡᠭᠵᠢᠬᠦᠯᠬᠦ ᠠᠵᠢᠯ ᠢ ᠬᠦᠴᠤᠯᠠᠨ ᠰᠠᠢᠳᠤᠷ ᠬᠢᠵᠤ᠂ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠬᠦᠭᠵᠢᠯᠳᠠ ᠳᠤ ᠰᠢᠨᠵᠢᠯᠡᠬᠦ ᠤᠬᠠᠭᠠᠨᠴᠢ ᠲᠤᠭ᠎ᠠ ᠪᠦᠷᠢᠳᠭᠡᠯ ᠤᠨ ᠪᠠᠳᠤᠯᠠᠭ᠎ᠠ ᠶᠢ ᠬᠠᠩᠭᠠᠬᠤ ᠭᠡᠷᠡᠭᠳᠡᠢ ᠭᠡᠵᠡᠢ᠃(ᠳ᠋ᠠᠢ ᠰᠢᠶᠦ᠋ᠩ)