ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠡᠬᠦᠷ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠢᠭᠤᠯᠤᠯᠳᠠ ᠶᠢᠨ ᠨᠠᠮ ᠤᠨ ᠪᠠᠢᠭᠤᠯᠤᠯᠳᠠ ᠶᠢᠨ ᠠᠵᠢᠯ ᠤᠨ ᠪᠦᠬᠦ ᠲᠠᠯ᠎ᠠ ᠪᠡᠷ ᠪᠠᠢᠴᠠᠭᠠᠬᠤ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠤᠨ ᠡᠮᠤᠨᠡᠬᠢ ᠰᠤᠷᠤᠯᠴᠠᠯᠭ᠎ᠠ ᠬᠢᠪᠡ

        


        

        10 ᠰᠠᠷ᠎ᠠ ᠶᠢᠨ23᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠡᠬᠦᠷ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠢᠭᠤᠯᠤᠯᠳᠠ ᠶᠢᠨ ᠨᠠᠮ ᠤᠨ ᠪᠠᠢᠭᠤᠯᠤᠯᠳᠠ ᠶᠢᠨ ᠠᠵᠢᠯ ᠤᠨ ᠪᠦᠬᠦ ᠲᠠᠯ᠎ᠠ ᠪᠡᠷ ᠪᠠᠢᠴᠠᠭᠠᠬᠤ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠤᠨ ᠡᠮᠤᠨᠡᠬᠢ ᠰᠤᠷᠤᠯᠴᠠᠯᠭ᠎ᠠ ᠬᠢᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠬᠦ ᠶᠢᠨ ᠬᠠᠮᠳᠤ ᠲᠠᠭᠠᠭᠤᠯᠤᠨ ᠰᠤᠷᠤᠯᠴᠠᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠭᠡᠰᠢᠬᠦᠨ ᠺᠠᠳ᠋ᠷ ᠰᠤᠷᠤᠯᠴᠠᠯᠭ᠎ᠠ ᠳᠤ ᠤᠷᠤᠯᠴᠠᠪᠠ᠃

        
             ᠬᠤᠷᠠᠯ ᠲᠠᠭᠡᠷ᠎ᠠ᠂ ᠰᠢ ᠵᠢᠨ ᠫᠢᠩ ᠶᠡᠷᠤᠩᠭᠡᠢ ᠱᠦᠵᠶ ᠶᠢᠨ ᠪᠦᠬᠦ ᠤᠯᠤᠰ ᠤᠨ ᠵᠤᠬᠢᠶᠠᠨ ᠪᠠᠢᠭᠤᠯᠤᠯᠳᠠ ᠶᠢᠨ ᠠᠵᠢᠯ ᠤᠨ ᠬᠤᠷᠠᠯ ᠲᠠᠭᠡᠷᠡᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ᠂ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠤᠷᠢᠨ ᠨᠢᠭᠡᠳᠤᠭᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠬᠢᠬᠦ ᠦᠶ᠎ᠠ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ᠂《ᠲᠠᠪᠤ ᠶᠢ ᠰᠠᠢᠳᠤᠷ ᠠᠳᠬᠤᠬᠤ》 ᠴᠢᠬᠤᠯᠨ ᠱᠠᠭᠠᠷᠳᠠᠯᠭ᠎ᠠ ᠵᠢᠴᠢ ᠦᠨᠳᠤᠰᠤᠳᠠᠨ ᠤ ᠪᠦᠯᠬᠦᠮᠳᠠᠯ ᠢ ᠡᠬᠦᠳᠤᠨ ᠪᠠᠢᠭᠤᠯᠬᠤ ᠬᠠᠮᠢᠶ᠎ᠠ ᠪᠦᠬᠦᠢ ᠬᠠᠤᠯᠢ ᠴᠠᠭᠠᠵᠨ ᠬᠠᠤᠯᠢ ᠲᠦᠷᠢᠮ ᠵᠡᠷᠭᠡ ᠶᠢ ᠲᠦᠪᠯᠡᠷᠡᠨ ᠰᠤᠷᠤᠯᠴᠠᠪᠠ᠃

        
             ᠬᠤᠷᠠᠯ ᠡᠴᠨ ᠴᠢᠬᠤᠯᠠᠴᠢᠯᠠᠭᠰᠨᠨ ᠨᠢ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠢᠭᠤᠯᠬᠤ ᠭᠡᠯᠳᠡᠰ ᠤᠨ《ᠪᠦᠬᠦ ᠬᠤᠰᠢᠭᠤᠨ ᠤ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠢᠭᠤᠯᠤᠯᠳᠠ ᠶᠢᠨ ᠨᠠᠮ ᠤᠨ ᠪᠠᠢᠭᠤᠯᠤᠯᠳᠠ ᠶᠢᠨ ᠠᠵᠢᠯ ᠢ ᠪᠦᠬᠦ ᠲᠠᠯ᠎ᠠ ᠪᠡᠷ ᠪᠠᠢᠴᠠᠭᠠᠬᠤ ᠲᠤᠬᠠᠢ ᠮᠡᠳᠡᠭᠳᠡᠯ》᠋ ᠤᠨ ᠱᠠᠭᠠᠷᠳᠠᠯᠭ᠎ᠠ ᠶᠤᠰᠤᠭᠠᠷ᠂ ᠭᠤᠤᠯ ᠰᠡᠳᠤᠪ ᠲᠠᠢ ᠨᠢᠭᠳᠠ ᠤᠶᠠᠯᠳᠤᠭᠤᠯᠵᠤ᠂ ᠨᠠᠷᠢᠨ ᠬᠢᠨᠠᠮᠠᠭᠠᠢ ᠪᠠᠯᠡᠳᠭᠡᠨ᠂ ᠬᠤᠷᠠᠯ ᠤᠨ ᠡᠮᠤᠨᠡᠬᠢ ᠡᠯ᠎ᠠ ᠲᠠᠯ᠎ᠠ ᠶᠢᠨ ᠪᠠᠯᠡᠳᠭᠡᠯ ᠠᠵᠢᠯ ᠢ ᠪᠦᠬᠦ ᠲᠠᠯ᠎ᠠ ᠪᠡᠷ ᠰᠠᠢᠳᠤᠷ ᠬᠢᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠵᠤᠬᠢᠶᠠᠨ ᠪᠠᠢᠭᠤᠯᠤᠯᠳᠠ ᠶᠢᠨ ᠨᠠᠮ ᠤᠨ ᠪᠠᠢᠭᠤᠯᠤᠯᠳᠠ ᠶᠢᠨ ᠠᠵᠢᠯ ᠤᠨ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠤᠨ ᠤᠷᠤᠭᠰᠢᠳᠠᠢ ᠬᠤᠷᠠᠯᠳᠤᠬᠤ ᠳᠤ ᠪᠠᠳᠤ ᠰᠠᠢᠨ ᠰᠠᠭᠤᠷᠢ ᠲᠠᠯᠪᠢᠬᠤ ᠭᠡᠷᠡᠭᠳᠡᠢ᠃ ᠦᠵᠡᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ ᠲᠠᠭᠡᠭᠰᠢᠯᠡᠬᠦᠯᠵᠤ᠂ ᠪᠠᠢᠭᠤᠯᠭ᠎ᠠ ᠶᠢᠨ ᠨᠠᠮ ᠤᠨ ᠪᠠᠢᠭᠤᠯᠤᠯᠳᠠ ᠶᠢᠨ ᠠᠵᠢᠯ ᠢ ᠰᠠᠢᠳᠤᠷ ᠬᠢᠬᠦ ᠡᠬᠦᠷᠭᠡ ᠬᠠᠷᠢᠭᠤᠴᠠᠯᠭᠠᠳᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠭᠡᠷᠡᠭᠳᠡᠢ᠃ ᠠᠵᠢᠯ ᠤᠨ ᠭᠤᠤᠯᠳᠠᠯᠭ᠎ᠠ ᠪᠠᠨ ᠲᠤᠪᠤᠢᠯᠭᠠᠵᠤ᠂ ᠬᠠᠷᠠᠯᠳᠠ ᠡᠬᠦᠷᠭᠡ ᠪᠠᠨ ᠲᠤᠳᠤᠳᠬᠠᠨ᠂ ᠲᠤᠳᠠᠭᠳᠠᠯ ᠪᠠᠭᠤᠷᠠᠢ ᠪᠠᠨ ᠨᠦᠬᠦᠪᠤᠷᠢᠯᠡᠵᠤ᠂ ᠭᠤᠤᠯ ᠴᠤᠭᠴᠨ ᠶᠢᠨ ᠬᠠᠷᠢᠭᠤᠴᠠᠯᠭ᠎ᠠ ᠪᠠᠨ ᠪᠤᠳᠠᠳᠠᠢᠵᠢᠭᠤᠯᠤᠨ᠂ ᠪᠠᠢᠭᠤᠯᠭ᠎ᠠ ᠶᠢᠨ ᠨᠠᠮ ᠤᠨ ᠪᠠᠢᠭᠤᠯᠤᠯᠳᠠ ᠶᠢᠨ ᠠᠵᠢᠯ ᠢ ᠬᠦᠨ ᠪᠤᠳᠠᠳᠠᠢ ᠨᠠᠷᠢᠯᠢᠭ ᠬᠢᠵᠤ᠂ ᠪᠠᠢᠭᠤᠯᠭ᠎ᠠ ᠶᠢᠨ ᠨᠠᠮ ᠤᠨ ᠵᠤᠬᠢᠶᠠᠨ ᠪᠠᠢᠭᠤᠯᠤᠯᠳᠠ ᠶᠢᠨ ᠵᠤᠬᠢᠶᠠᠨ ᠪᠠᠢᠭᠤᠯᠬᠤ ᠴᠢᠳᠠᠪᠤᠷᠢ ᠶᠢ ᠪᠦᠬᠦ ᠲᠠᠯ᠎ᠠ ᠪᠡᠷ ᠲᠠᠭᠡᠭᠰᠢᠯᠡᠬᠦᠯᠤᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠭᠤᠯᠭ᠎ᠠ ᠶᠢᠨ ᠨᠠᠮ ᠤᠨ ᠪᠠᠢᠭᠤᠯᠤᠯᠳᠠ ᠶᠢᠨ ᠠᠵᠢᠯ ᠤᠨ ᠲᠠᠬᠢᠨ ᠰᠢᠨ᠎ᠡ ᠲᠡᠭᠳᠡᠷ ᠲᠤ ᠭᠠᠷᠬᠤ ᠶᠢ ᠠᠬᠢᠭᠤᠯᠬᠤ ᠭᠡᠷᠡᠭᠳᠡᠢ ᠭᠡᠵᠡᠢ᠃(᠋ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠰᠢ ᠵᠢᠨ ᠫᠢᠩ ᠶᠡᠷᠤᠩᠭᠡᠢ ᠱᠦᠵᠢ ᠶᠢᠨ ᠴᠢᠳᠠᠪᠤᠷᠢᠳᠠᠨ ᠤ ᠠᠵᠢᠯ ᠪᠠ ᠢᠳᠠᠷ ᠵᠠᠯᠠᠭᠤ ᠺᠠᠳ᠋ᠷ ᠤᠨ ᠪᠤᠯᠪᠠᠰᠤᠷᠠᠯ ᠤᠨ ᠠᠩᠬᠢ ᠡᠬᠢᠯᠡᠬᠦ ᠶᠤᠰᠤᠯᠡᠯ ᠲᠠᠭᠡᠷᠡᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢᠨ ᠲᠤᠬᠠᠢ ᠰᠤᠷᠤᠯᠴᠠᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠪᠠ ᠪᠢᠴᠢᠭ᠌ ᠮᠠᠲ᠋ᠸᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠬᠤᠷᠠᠯ ᠬᠤᠷᠠᠯᠳᠤᠭᠤᠯᠪᠠ