ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠪᠠ ᠪᠢᠴᠢᠭ᠌ ᠮᠠᠲ᠋ᠸᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠬᠤᠷᠠᠯ ᠬᠤᠷᠠᠯᠳᠤᠭᠤᠯᠪᠠ

        

        10ᠰᠠᠷ᠎ᠠ ᠶᠢᠨ23᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ《ᠲᠦᠪ ᠬᠤᠷᠢᠶᠠᠨ ᠤ ᠨᠠᠢ᠍ᠮᠠᠨ ᠵᠤᠷᠪᠤᠰ ᠲᠤᠭᠳᠠᠭᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠪᠠᠢᠭ᠎ᠠ ᠪᠠᠢᠳᠠᠯ ᠳᠤ ᠱᠠᠭᠠᠷᠳᠠᠨ ᠪᠠᠢᠴᠠᠭᠠᠯᠳᠠ ᠦᠷᠨᠢᠬᠦᠯᠬᠦ ᠲᠤᠬᠠᠢ ᠮᠡᠳᠡᠭᠳᠡᠯ》᠋᠋᠋᠋ ᠢ ᠤᠯᠠᠮᠵᠢᠯᠠᠠ ᠰᠤᠷᠤᠯᠴᠠᠪᠠ᠃

        
            ᠬᠤᠷᠠᠯ ᠡᠴᠨ ᠱᠠᠭᠠᠷᠳᠠᠭᠰᠨᠨ ᠨᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠺᠠᠳ᠋ᠷᠴᠤᠤᠨ ᠤᠯᠤᠰ ᠲᠦᠷᠤ ᠶᠢᠨ ᠵᠤᠭᠰᠤᠴᠨ ᠪᠠᠨ ᠤᠯᠠᠮ ᠨᠢᠭᠡ ᠠᠯᠬᠤᠮ ᠲᠠᠭᠡᠭᠰᠢᠯᠡᠬᠦᠯᠵᠤ᠂ ᠦᠵᠡᠯ ᠰᠠᠨᠠᠭ᠎ᠠ ᠲᠠᠨᠢᠯᠳᠠ ᠪᠠᠨ ᠴᠢᠩᠭᠠᠳᠬᠠᠨ᠂ ᠤᠯᠤᠰ ᠲᠦᠷᠤ ᠶᠢ ᠡᠷᠬᠢᠮᠯᠡᠬᠦ ᠪᠡᠷ ᠨᠠᠮ ᠤᠨ ᠭᠡᠰᠢᠬᠦᠨ ᠺᠠᠳ᠋ᠷᠴᠤᠤᠨ ᠤᠨ ᠤᠷᠤᠰᠢᠨ ᠲᠤᠭᠳᠠᠨᠢᠬᠤ ᠦᠨᠳᠤᠰᠤ ᠪᠤᠯᠭᠠᠵᠤ᠂ ᠲᠦᠪ ᠬᠤᠷᠢᠶᠠᠨ ᠤ ᠨᠠ᠍ᠢᠮᠠᠨ ᠵᠤᠷᠪᠤᠰ ᠲᠤᠭᠳᠠᠭᠠᠯ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠭᠡᠷᠡᠭᠵᠢᠬᠦᠯᠵᠤ᠂ ᠴᠢᠩᠭ᠎ᠠ ᠪᠤᠳᠠᠳᠠᠢ ᠪᠠᠢᠬᠤ ᠬᠠᠳᠠᠭᠤ ᠴᠢᠩᠭ᠎ᠠ ᠤᠪᠤᠷ ᠰᠤᠷᠳᠠᠯ ᠢ ᠪᠤᠢ ᠪᠤᠯᠭᠠᠨ᠂ ᠰᠠᠬᠢᠯᠭ᠎ᠠ ᠪᠠᠳᠤ ᠶᠢ ᠰᠠᠬᠢᠬᠤ᠂ ᠶᠤᠰᠤ ᠲᠦᠷᠢᠮ ᠢ ᠡᠷᠬᠢᠮᠯᠡᠬᠦ ᠶᠢ ᠪᠤᠳᠠᠳᠠᠢ ᠠᠵᠢᠯᠯᠠᠭ᠎ᠠ ᠳᠠᠭᠠᠨ ᠨᠠᠢᠳᠠᠪᠤᠷᠢᠵᠢᠭᠤᠯᠤᠨ᠂ ᠤᠯᠤᠰ ᠲᠦᠷᠤ ᠶᠢᠨ ᠰᠠᠬᠢᠯᠭ᠎ᠠ ᠪᠠᠳᠤ ᠪᠠ ᠶᠤᠰᠤ ᠲᠦᠷᠢᠮ ᠢ ᠴᠢᠩᠭ᠎ᠠ ᠰᠠᠬᠢᠬᠤ ᠦᠯᠢᠭᠡᠷ ᠲᠠᠭᠤᠷᠢᠶᠠᠯ ᠪᠤᠯᠬᠤ ᠭᠡᠷᠡᠭᠳᠡᠢ᠃ ᠦᠪᠡᠷ ᠢ ᠪᠠᠨ ᠪᠠᠢᠴᠠᠭᠠᠬᠤ ᠠᠵᠢᠯ ᠢ ᠬᠦᠨᠵᠡᠭᠡᠢ ᠦᠷᠨᠢᠬᠦᠯᠵᠤ᠂ ᠢᠳᠡᠭᠡᠨ ᠤᠮᠳᠠᠭᠠᠨ ᠢ ᠪᠦᠷᠢᠯᠭᠡᠨ ᠰᠤᠢᠳᠭᠡᠬᠦ᠂ ᠲᠠᠷᠭᠡ ᠬᠦᠰᠭᠡ ᠶᠢᠨ ᠬᠠᠮᠢᠶᠠᠷᠤᠯᠳᠠ᠂ ᠠᠯᠪᠠᠨ ᠭᠡᠷᠡᠭᠯᠡᠭᠡᠨ ᠤ ᠭᠡᠷ ᠪᠠᠢᠰᠢᠩ ᠵᠡᠷᠭᠡ ᠠᠵᠢᠯ ᠲᠤᠮᠳᠠ ᠤᠷᠤᠰᠢᠵᠤ ᠪᠠᠢᠭ᠎ᠠ ᠬᠦᠷᠤᠯᠴᠠᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠡᠷᠢᠵᠤ ᠨᠠᠢᠳᠠᠪᠤᠷᠢᠵᠢᠭᠤᠯᠤᠨ᠂ ᠴᠡᠭᠴᠡᠯᠡᠨ ᠨᠠᠢᠳᠠᠪᠤᠷᠢᠵᠢᠭᠤᠯᠬᠤ ᠶᠢ ᠪᠦᠬᠦ ᠬᠦᠴᠤᠨ ᠶᠢᠠᠷ ᠰᠠᠢᠳᠤᠷ ᠠᠳᠬᠤᠬᠤ ᠶᠢᠨ ᠬᠠᠮᠳᠤ᠂ ᠱᠠᠭᠠᠷᠳᠠᠯᠭ᠎ᠠ ᠶᠤᠰᠤᠭᠠᠷ ᠴᠠᠭ ᠲᠤᠬᠠᠢ ᠳᠤᠨᠢ ᠦᠪᠡᠰᠤᠪᠠᠨ ᠪᠠᠢᠴᠠᠭᠠᠭᠰᠨᠨ ᠮᠡᠳᠡᠬᠦᠯᠤᠯᠳᠠ ᠪᠠᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠤᠨ ᠤ ᠱᠠᠭᠠᠷᠳᠠᠨ ᠪᠠᠢᠴᠠᠭᠠᠬᠤ ᠲᠠᠰᠤᠭ ᠲᠤ ᠮᠡᠳᠡᠬᠦᠯᠬᠦ ᠭᠡᠷᠡᠭᠳᠡᠢ ᠭᠡᠵᠡᠢ᠃

        
             ᠬᠤᠷᠠᠯ ᠡᠴᠨ ᠪᠠᠰᠨ ᠵᠠᠷᠤᠤᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ 151ᠳ᠋ᠤᠭᠡᠷ ᠤᠳᠠᠭᠠᠨ ᠤ ᠪᠠᠢᠩᠭᠤ ᠶᠢᠨ ᠬᠤᠷᠢᠶᠠᠠ(ᠦᠷᠭᠡᠳᠭᠡᠭᠰᠨᠨ)᠋ ᠤ ᠬᠤᠷᠠᠯ ᠤᠨ ᠲᠤᠪᠴᠢ ᠶᠢᠨ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠪᠠ᠃(ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠨᠠᠮ ᠤᠨ ᠡᠬᠦᠷ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠢᠭᠤᠯᠤᠯᠳᠠ ᠶᠢᠨ ᠨᠠᠮ ᠤᠨ ᠪᠠᠢᠭᠤᠯᠤᠯᠳᠠ ᠶᠢᠨ ᠠᠵᠢᠯ ᠤᠨ ᠪᠦᠬᠦ ᠲᠠᠯ᠎ᠠ ᠪᠡᠷ ᠪᠠᠢᠴᠠᠭᠠᠬᠤ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠤᠨ ᠡᠮᠤᠨᠡᠬᠢ ᠰᠤᠷᠤᠯᠴᠠᠯᠭ᠎ᠠ ᠬᠢᠪᠡ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠡᠴᠨ ᠨᠠᠮ ᠤᠨ ᠠᠷᠪᠡ ᠶᠢ᠍ᠰᠦᠳ᠋ᠦᠭᠡᠷ ᠬᠤᠭᠤᠴᠠᠭᠠᠨ ᠤ ᠲᠠᠪᠤᠳ᠋ᠤᠭᠠᠷ ᠪᠦᠬᠦᠳ᠋ᠡ ᠬᠤᠷᠠᠯᠳ᠋ᠤᠭᠠᠨ ᠤ ᠵᠤᠷᠢ᠍ᠭ ᠰᠠᠨᠠᠭ᠎ᠠ ᠶᠢ ᠲᠦ᠋ᠪᠯᠡᠷᠡᠨ ᠰᠤᠷᠤᠯᠴᠠᠭᠰᠠᠨ ᠨᠢ