ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠢ ᠯᠢ ᠵᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠳᠤ ᠢᠷᠡᠵᠤ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠠᠵᠢᠯ ᠢ ᠪᠠᠢᠴᠠᠭᠠᠨ ᠰᠤᠳᠤᠯᠵᠤ ᠵᠢᠯᠤᠭᠤᠳᠪᠠ


10 ᠰᠠᠷ᠎ᠠ ᠶᠢᠨ28᠋ ᠤ ᠡᠳᠤᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠢ ᠯᠢ ᠵᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠳᠤ ᠢᠷᠡᠵᠤ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠠᠵᠢᠯ ᠢ ᠪᠠᠢᠴᠠᠭᠠᠨ ᠰᠤᠳᠤᠯᠵᠤ ᠵᠢᠯᠤᠭᠤᠳᠬᠤ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠤᠨ ᠵᠢᠴᠢ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠭᠡᠯᠳᠡᠰ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ ᠬᠤᠷᠠᠯ ᠡᠴᠨ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠵᠢᠯ ᠤᠨ ᠡᠬᠢ ᠡᠴᠨ ᠨᠠᠭᠠᠰᠢᠬᠢ ᠠᠵᠢᠯ ᠦᠷᠨᠢᠬᠦᠯᠦᠭᠰᠨᠨ ᠪᠠᠢᠳᠠᠯ ᠪᠠ ᠲᠠᠷᠠᠭᠠᠴᠢ ᠶᠢᠨ ᠠᠵᠢᠯ ᠤᠨ ᠲᠦᠯᠤᠪᠯᠡᠭᠡ ᠶᠢ ᠰᠤᠨᠤᠰᠪᠠ᠃

ᠪᠠᠢ ᠯᠢ ᠵᠤ ᠴᠢᠩᠭᠠᠳᠬᠠᠭᠰᠨᠨ ᠨᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠬᠢᠨᠠᠯᠳᠠ ᠲᠠᠯᠪᠢᠬᠤ ᠠᠵᠢᠯ ᠦᠷᠨᠢᠬᠦᠯᠵᠤ᠂ ᠰᠤᠷᠳᠠᠯ ᠤᠨ ᠬᠤᠪᠢᠷᠠᠯᠳᠠ᠂ ᠤᠷᠴᠢᠨ ᠲᠤᠭᠤᠷᠢᠨ ᠤ ᠶᠡᠭᠡ ᠰᠢᠯᠢᠳᠡᠭᠵᠢᠬᠦᠯᠤᠯᠳᠠ᠂ ᠬᠦᠭᠵᠢᠯᠳᠠ ᠶᠢᠨ ᠶᠡᠭᠡ ᠲᠠᠭᠡᠭᠰᠢᠯᠡᠯᠳᠠ ᠶᠢ ᠠᠬᠢᠭᠤᠯᠤᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠠᠵᠢᠯ ᠤᠨ ᠬᠦᠭᠵᠢᠯᠳᠠ ᠶᠢ ᠡᠬᠦᠳᠴᠤ᠂ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠦᠨᠳᠤᠷ ᠴᠢᠨᠰᠠᠭᠠᠳᠤ ᠬᠦᠭᠵᠢᠯᠳᠠ ᠳᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠦᠴᠤᠨ ᠴᠢᠳᠠᠯ ᠶᠢᠠᠨ ᠡᠷᠬᠦᠬᠦ ᠭᠡᠷᠡᠭᠳᠡᠢ ᠭᠡᠵᠡᠢ᠃


ᠡᠤ ᠰᠢᠶᠤᠤ᠂ ᠦᠷᠡᠪᠠᠳᠤ᠂ ᠰᠦᠩ ᠯᠢᠶᠠᠨ ᠡᠾᠦ᠋ᠢ᠂ ᠯᠢ ᠴᠸᠩ ᠬᠦᠸᠸ᠂ ᠪᠤᠶᠠᠨᠮᠦ᠋ᠩᠭᠡ᠂ ᠵᠠᠩ ᠬᠦᠸᠸ ᠯᠢᠶᠠᠩ ᠵᠡᠷᠭᠡ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠤᠨ ᠡᠴᠨ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠭᠤᠤᠯᠳᠠᠯᠭ᠎ᠠ ᠶᠢᠨ ᠲᠤᠭᠤᠷᠢᠨ ᠳᠤ᠂ ᠶᠡᠭᠡ ᠲᠠᠯ᠎ᠠ ᠳᠤ ᠤᠢᠯᠡᠴᠢᠯᠡᠨ᠂ ᠨᠠᠮ ᠤᠨ ᠬᠤᠷᠢᠶᠠᠨ ᠤ ᠡᠷᠭᠡ ᠰᠦᠷ ᠢ ᠢᠮᠠᠭᠳᠠ ᠬᠠᠮᠠᠭᠠᠯᠠᠵᠤ᠂ ᠬᠤᠰᠢᠭᠤᠨ ᠤ ᠨᠠᠮ ᠤᠨ ᠬᠤᠷᠢᠶᠠᠨ ᠤ ᠡᠯ᠎ᠠ ᠵᠤᠢᠯ ᠤᠨ ᠰᠢᠢᠳᠪᠤᠷᠢᠳᠤ ᠪᠤᠳᠤᠯᠭ᠎ᠠ ᠶᠢᠨ ᠪᠠᠢᠷᠢᠯᠠᠭᠤᠯᠤᠯᠳᠠ ᠶᠢ ᠲᠤᠢᠯᠪᠤᠷᠢᠳᠠᠢ ᠨᠠᠢᠳᠠᠪᠤᠷᠢᠵᠢᠭᠤᠯᠤᠨ᠂ ᠬᠤᠰᠢᠭᠤᠨ ᠤ ᠨᠠᠮ ᠤᠨ ᠬᠤᠷᠢᠶᠠᠨ ᠤ ᠡᠯ᠎ᠠ ᠵᠤᠢᠯ ᠤᠨ ᠰᠢᠢᠳᠪᠤᠷᠢ ᠶᠢ ᠡᠷᠡᠰ ᠭᠡᠷᠡᠭᠵᠢᠬᠦᠯᠤᠨ᠎ᠡ᠃ ᠰᠢᠨ᠎ᠡ ᠬᠦᠭᠵᠢᠯᠳᠠ ᠶᠢᠨ ᠤᠢᠯᠠᠭᠠᠭᠳᠠᠬᠤᠨ ᠢ ᠪᠠᠷᠢᠮᠳᠠᠯᠠᠵᠤ᠂ ᠰᠠᠨᠠᠭᠠᠴᠢᠯᠠᠭ᠎ᠠ ᠡᠴᠨ ᠪᠠᠨ ᠬᠠᠷᠢᠭᠤᠴᠠᠯᠭ᠎ᠠ ᠡᠬᠦᠷᠭᠡᠯᠡᠵᠤ ᠵᠢᠳᠬᠦᠯ ᠴᠢᠷᠮᠠᠢᠯᠭ᠎ᠠ ᠭᠠᠷᠭᠠᠨ᠂ ᠬᠠᠤᠯᠢ ᠶᠤᠰᠤᠭᠠᠷ ᠡᠬᠦᠷᠭᠡ ᠲᠤᠰᠢᠶᠠᠯ ᠶᠢᠠᠨ ᠬᠦᠢᠴᠡᠳᠭᠡᠵᠤ᠂ ᠠᠷᠠᠳ ᠲᠦᠮᠨᠨ ᠡᠷᠭᠡ ᠮᠡᠳᠡᠵᠤ ᠡᠵᠡᠨ ᠰᠠᠭᠤᠬᠤ ᠲᠦᠷᠢᠮ ᠤᠨ ᠪᠠᠳᠤᠯᠠᠭ᠎ᠠ ᠶᠢ ᠲᠠᠰᠤᠷᠠᠯᠳᠠ ᠦᠭᠡᠢ ᠴᠢᠩᠭᠠᠳᠬᠠᠠ᠂ ᠲᠦᠷᠢᠮ ᠤᠨ ᠲᠠᠪᠠᠭᠤᠯᠢᠭ ᠢ ᠨᠡᠩ ᠰᠠᠢᠨ ᠶᠢᠠᠷ ᠵᠠᠰᠠᠯᠳᠠ ᠶᠢᠨ ᠦᠷ᠎ᠠ ᠪᠦᠳᠤᠮᠵᠢ ᠪᠤᠯᠭᠠᠨ ᠬᠤᠪᠢᠷᠠᠭᠠᠵᠤ᠂ ᠪᠤᠳᠠᠳᠤ ᠠᠵᠢᠯᠯᠠᠭ᠎ᠠ ᠪᠡᠷ ᠶᠢᠠᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠪᠠ ᠡᠬᠦᠷᠭᠡᠯᠡᠯ ᠢ ᠢᠯᠡᠷᠡᠬᠦᠯᠦᠨ᠎ᠡ ᠭᠡᠵᠤ ᠢᠯᠡᠷᠭᠡᠢᠯᠡᠵᠡᠪᠡ᠃(ᠳ᠋ᠠᠢ ᠰᠢᠶᠦ᠋ᠩ)