ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ

10 ᠰᠠᠷ᠎ᠠ ᠶᠢᠨ28᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠢᠭᠤᠯᠤᠯᠳᠠ ᠶᠢᠨ ᠨᠠᠮ ᠤᠨ ᠪᠠᠢᠭᠤᠯᠤᠯᠳᠠ ᠶᠢᠨ ᠠᠵᠢᠯ ᠳᠤ ᠪᠦᠬᠦ ᠲᠠᠯ᠎ᠠ ᠪᠡᠷ ᠪᠠᠢᠴᠠᠭᠠᠬᠤ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ᠂ ᠲᠠᠳ᠋ ᠡᠷᠬᠢᠯᠡᠭᠴᠢ ᠡᠤ ᠰᠢᠶᠤᠤ᠂ ᠦᠷᠡᠪᠠᠳᠤ᠂ ᠰᠦᠩ ᠯᠢᠶᠠᠨ ᠡᠾᠦ᠋ᠢ ᠡᠩ ᠤᠨ ᠨᠠᠮ ᠤᠨ ᠭᠡᠰᠢᠬᠦᠨ ᠤ ᠬᠤᠪᠢ ᠪᠡᠷ ᠨᠠᠮ ᠤᠨ ᠪᠠᠭ᠎ᠠ ᠲᠤᠭᠤᠢᠯᠠᠩ ᠤᠨ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠵᠤ᠂ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠬᠢᠪᠡ᠃

ᠲᠤᠰ ᠤᠳᠠᠭᠠᠨ ᠤ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠲᠠᠭᠡᠷ᠎ᠠ᠂ ᠡᠯ᠎ᠠ ᠨᠠᠮ ᠤᠨ ᠪᠠᠭ᠎ᠠ ᠲᠤᠭᠤᠢᠯᠠᠩ ᠤᠨ ᠭᠡᠰᠢᠬᠦᠤᠨ ᠠᠮᠢᠳᠤᠷᠠᠯ ᠤᠨ ᠬᠤᠷᠠᠯ ᠤᠨ ᠭᠤᠤᠯ ᠰᠡᠳᠤᠪ ᠲᠠᠢ ᠨᠢᠭᠳᠠ ᠤᠶᠠᠯᠳᠤᠭᠤᠯᠤᠨ ᠬᠠᠷᠢᠴᠠᠭᠤᠯᠵᠤ᠂ ᠦᠵᠡᠯ ᠰᠠᠨᠠᠭ᠎ᠠ ᠲᠠᠨᠢᠯᠳᠠ᠂ ᠦᠵᠡᠯ ᠤᠬᠠᠮᠰᠠᠷ ᠵᠤᠭᠰᠤᠯᠳᠠ᠂ ᠠᠵᠢᠯ ᠤᠨ ᠴᠢᠳᠠᠪᠤᠷᠢ ᠵᠡᠷᠭᠡ ᠭᠡᠳᠤᠨ ᠲᠠᠯ᠎ᠠ ᠶᠢᠨ ᠲᠤᠪᠤᠢᠮ᠎ᠠ ᠠᠰᠠᠭᠤᠳᠠᠯ ᠳᠤ ᠭᠤᠤᠯᠳᠠᠯᠭ᠎ᠠ ᠲᠠᠢ ᠪᠠᠢᠴᠠᠭᠠᠨ᠂ ᠦᠨᠳᠤᠰᠤ ᠰᠤᠷᠪᠤᠯᠵᠢ ᠶᠢ ᠬᠦᠨᠵᠡᠭᠡᠢ ᠵᠠᠳᠠᠯᠤᠨ ᠰᠢᠨᠵᠢᠯᠡᠵᠤ᠂ ᠴᠡᠭᠴᠡᠯᠡᠨ ᠰᠠᠢᠵᠢᠷᠠᠭᠤᠯᠬᠤ ᠴᠢᠭᠯᠡᠯ ᠶᠢᠠᠨ ᠤᠨᠤᠪᠴᠢᠳᠠᠢ ᠡᠷᠢᠨ ᠤᠯᠵᠤ᠂ ᠪᠤᠳᠠᠳᠠᠢ ᠶᠢ ᠡᠷᠬᠢᠮᠯᠡᠬᠦ ᠮᠦᠷᠳᠡᠭᠡᠨ ᠲᠤᠰᠠᠳᠠᠢ ᠴᠡᠭᠴᠡᠯᠡᠨ ᠦᠭᠡᠷᠡᠴᠢᠯᠡᠬᠦ ᠠᠷᠭ᠎ᠠ ᠶᠢ ᠲᠤᠷᠠᠳᠤᠨ ᠭᠠᠷᠭᠠᠪᠠ᠃

ᠬᠤᠷᠠᠯ ᠡᠴᠨ ᠵᠢᠭᠠᠵᠤ ᠭᠠᠷᠭᠠᠭᠰᠨᠨ ᠨᠢ᠂ ᠪᠠᠢᠭᠤᠯᠭ᠎ᠠ ᠶᠢᠨ ᠨᠠᠮ ᠤᠨ ᠡᠬᠦᠷ ᠤᠨ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠤᠨ ᠡᠮᠤᠨᠡᠬᠢ ᠪᠡᠯᠡᠳᠭᠡᠯ ᠬᠦᠢᠴᠡᠳ᠂ ᠰᠢᠬᠦᠮᠵᠢᠯᠡᠯ ᠦᠷᠨᠢᠬᠦᠯᠬᠦ ᠳᠡᠭᠡᠨ ᠲᠦᠪ ᠴᠢᠩᠭ᠎ᠠ ᠨᠠᠷᠢᠨ ᠬᠢᠨᠠᠮᠠᠭᠠᠢ᠂ ᠦᠨᠡᠨ ᠡᠴᠨ ᠵᠦᠪ ᠢ ᠡᠷᠢᠵᠤ᠂ ᠠᠷᠠᠳᠴᠢᠯᠠᠯ ᠤᠨ ᠠᠭᠤᠷ ᠠᠮᠢᠰᠬᠤᠯ ᠬᠦᠨ ᠵᠤᠵᠠᠭᠠᠠ ᠪᠠᠢᠵᠤ ᠦᠷ᠎ᠠ ᠪᠦᠳᠤᠮᠵᠢ ᠪᠡᠷ ᠦᠨᠳᠤᠷ ᠭᠡᠵᠡᠢ᠃
ᠬᠤᠷᠠᠯ ᠡᠴᠨ ᠰᠤᠷᠤᠯᠴᠠᠯᠭ᠎ᠠ ᠪᠠ ᠴᠡᠭᠴᠡᠯᠡᠨ ᠦᠭᠡᠷᠡᠴᠢᠯᠡᠬᠦ ᠶᠢ ᠰᠤᠯᠠᠷᠠᠭᠤᠯᠤᠯ ᠦᠭᠡᠢ ᠢᠮᠠᠭᠳᠠ ᠴᠢᠩᠭ᠎ᠠ ᠪᠠᠷᠢᠮᠳᠠᠯᠠᠬᠤ ᠭᠡᠷᠡᠭᠳᠡᠢ ᠭᠡᠵᠤ ᠴᠢᠬᠤᠯᠠᠴᠢᠯᠠᠪᠠ᠃
(ᠳ᠋ᠠᠢ ᠰᠢᠶᠦ᠋ᠩ)