ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠤᠭᠤᠷᠢ᠍ᠨ ᠰᠤᠷᠤᠯᠴᠠᠬᠤ ᠲᠤᠭᠤᠢ᠌ᠯᠠᠩ ᠬᠢᠩᠭ᠋ᠠᠨ ᠠᠢ᠌ᠮᠠᠭ ᠤᠨ ᠬᠤᠷᠴᠢ᠍ᠨ ᠪᠠᠷᠠᠭᠤᠨ ᠭᠠᠷᠤᠨ ᠡᠮᠦᠨᠡᠲᠦ ᠬᠤᠰᠢ᠍ᠭᠤᠨ ᠳ᠋ᠦ ᠬᠦᠷᠴᠦ ᠲᠦ᠋ᠰᠦᠪᠯᠡᠨ ᠪᠤᠳ᠋ᠤᠬᠤ ᠶᠢ ᠬᠢᠨᠠᠨ ᠪᠠᠢ᠌ᠴᠠᠭᠠᠬᠤ ᠬᠢᠨᠠᠯᠲᠠ ᠲᠠᠯᠪᠢᠬᠤ ᠠᠵᠢ᠍ᠯ ᠢ ᠲᠤᠭᠤᠷᠢ᠍ᠨ ᠰᠤᠷᠤᠯᠴᠠᠪᠠ

                 

                11ᠰᠠᠷ᠎ᠠ ᠶᠢᠨ4 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠡᠦ ᠰᠢ᠍ᠶᠤᠤ ᠲᠤᠭᠤᠷᠢ᠍ᠨ ᠰᠤᠷᠤᠯᠴᠠᠬᠤ ᠲᠤᠭᠤᠢ᠌ᠯᠠᠩ ᠢ ᠳᠠᠭᠠᠭᠤᠯᠤᠨ᠂ ᠬᠢᠩᠭ᠋ᠠᠨ ᠠᠢ᠌ᠮᠠᠭ ᠤᠨ ᠬᠤᠷᠴᠢ᠍ᠨ ᠪᠠᠷᠠᠭᠤᠨ ᠭᠠᠷᠤᠨ ᠡᠮᠦᠨᠡᠲᠦ ᠬᠤᠰᠢ᠍ᠭᠤᠨ ᠳ᠋ᠦ ᠬᠦᠷᠴᠦ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠲᠦ᠋ᠰᠦᠪᠯᠡᠨ ᠪᠤᠳ᠋ᠤᠬᠤ ᠶᠢ ᠬᠢᠨᠠᠨ ᠪᠠᠢ᠌ᠴᠠᠭᠠᠬᠤ ᠬᠢᠨᠠᠯᠲᠠ ᠲᠠᠯᠪᠢᠬᠤ ᠠᠵᠢ᠍ᠯ ᠪᠤᠯᠤᠨ ᠤᠯᠤᠰ ᠤᠨ ᠦᠮᠴᠢ᠍ᠯᠡᠯᠳ᠋ᠦ ᠡᠳ᠋ ᠬᠦᠷᠦᠩᠭᠡ ᠶᠢᠨ ᠮᠡᠳ᠋ᠡᠬᠦᠯᠦᠯᠳ᠋ᠡ ᠶᠢᠨ ᠲᠦ᠋ᠷᠢ᠍ᠮ ᠦᠨ ᠪᠠᠢ᠌ᠭᠤᠯᠤᠯᠲᠠ ᠵᠡᠷᠭᠡ ᠠᠵᠢ᠍ᠯ ᠢ ᠲᠤᠭᠤᠷᠢ᠍ᠨ ᠦᠵᠡᠵᠦ ᠰᠤᠷᠤᠯᠴᠠᠪᠠ᠃

                 

                 ᠲᠤᠭᠤᠷᠢ᠍ᠨ ᠰᠤᠷᠤᠯᠴᠠᠬᠤ ᠲᠤᠭᠤᠢ᠌ᠯᠠᠩ  ᠤᠨ ᠬᠢᠨ ᠬᠤᠷᠴᠢ᠍ᠨ ᠪᠠᠷᠠᠭᠤᠨ ᠭᠠᠷᠤᠨ ᠡᠮᠦᠨᠡᠲᠦ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠲᠦ᠋ᠰᠦᠪᠯᠡᠨ ᠪᠤᠳ᠋ᠤᠬᠤ ᠶᠢ ᠬᠢᠨᠠᠨ ᠪᠠᠢ᠌ᠴᠠᠭᠠᠬᠤ ᠬᠢᠨᠠᠯᠲᠠ ᠲᠠᠯᠪᠢᠬᠤ ᠰᠦ᠋ᠯᠵᠢ᠍ᠶᠠᠨ ᠲᠦ᠋ᠪ ᠦᠨ ᠪᠦᠲᠦᠭᠡᠨ ᠪᠠᠢ᠌ᠭᠤᠯᠤᠯᠲᠠ ᠶᠢᠨ ᠪᠠᠢ᠌ᠳ᠋ᠠᠯ ᠪᠠ ᠤᠯᠤᠰ ᠤᠨ ᠦᠮᠴᠢ᠍ᠯᠡᠯᠳ᠋ᠦ ᠡᠳ᠋ ᠬᠦᠷᠦᠩᠭᠡ ᠶᠢᠨ ᠮᠡᠳ᠋ᠡᠬᠦᠯᠦᠯᠳ᠋ᠡ ᠶᠢᠨ ᠲᠦ᠋ᠷᠢ᠍ᠮ ᠦᠨ ᠪᠠᠢ᠌ᠭᠤᠯᠤᠯᠲᠠ ᠶᠢᠨ ᠪᠠᠢ᠌ᠳ᠋ᠠᠯ ᠤᠨ ᠲᠠᠨᠢᠯᠴᠠᠭᠤᠯᠭ᠎ᠠ ᠵᠢ ᠬᠢᠨᠠᠮᠠᠭᠠᠢ ᠰᠤᠨᠤᠰᠬᠤ ᠶᠢᠨ ᠬᠠᠮᠳ᠋ᠤ ᠬᠠᠮᠢ᠍ᠶ᠎ᠠ ᠪᠦᠬᠦᠢ ᠠᠵᠢ᠍ᠯ ᠤᠨ ᠲᠤᠬᠠᠢ ᠰᠤᠳ᠋ᠤᠯᠤᠨ ᠶᠠᠷᠢ᠍ᠯᠴᠠᠵᠤ ᠲᠤᠷᠰᠢ᠍ᠯᠭ᠎ᠠ ᠪᠠᠨ ᠰᠤᠯᠢ᠍ᠯᠴᠠᠭᠰᠠᠨ ᠪᠠᠢ᠌ᠨ᠎ᠠ᠃

                 

                 

                 ᠲᠤᠭᠤᠷᠢ᠍ᠨ ᠰᠤᠷᠤᠯᠴᠠᠬᠤ ᠲᠤᠭᠤᠢ᠌ᠯᠠᠩ ᠦᠨ ᠬᠢᠨ ᠬᠤᠷᠴᠢ᠍ᠨ ᠪᠠᠷᠠᠭᠤᠨ ᠭᠠᠷᠤᠨ ᠡᠮᠦᠨᠡᠲᠦ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠲᠦ᠋ᠰᠦᠪᠯᠡᠨ ᠪᠤᠳ᠋ᠤᠬᠤ ᠶᠢ ᠬᠢᠨᠠᠨ ᠪᠠᠢ᠌ᠴᠠᠭᠠᠬᠤ ᠬᠢᠨᠠᠯᠲᠠ ᠲᠠᠯᠪᠢᠬᠤ ᠠᠵᠢ᠍ᠯ ᠢ ᠦᠨᠳ᠋ᠦᠷ ᠦᠨᠡᠯᠡᠬᠦ ᠶᠢᠨ ᠬᠠᠮᠳ᠋ᠤ ᠢᠯᠡᠷᠬᠡᠢ᠌ᠯᠡᠭ᠍ᠰᠡᠨ ᠨᠢ ᠬᠤᠢ᠌ᠰᠢ᠍ᠳ᠋ᠡ ᠬᠤᠶᠠᠷ ᠲᠠᠯ᠎ᠠ ᠪᠡᠷ ᠵᠢᠠᠨ ᠰᠤᠯᠢ᠍ᠯᠴᠠᠭ᠎ᠠ ᠰᠤᠷᠤᠯᠴᠠᠯᠭ᠎ᠠ ᠪᠠᠨ ᠴᠢ᠍ᠩᠭ᠋ᠠᠳᠬᠠᠵᠤ᠂ ᠰᠢ᠍ᠨ᠎ᠠ ᠴᠠᠭ ᠦᠶ᠎ᠠ ᠶᠢᠨ ᠲᠦ᠋ᠰᠦᠪᠯᠡᠨ ᠪᠤᠳ᠋ᠤᠬᠤ ᠶᠢ ᠬᠢᠨᠠᠨ ᠪᠠᠢ᠌ᠴᠠᠭᠠᠬᠤ ᠬᠢᠨᠠᠯᠲᠠ ᠲᠠᠯᠪᠢᠬᠤ ᠠᠵᠢ᠍ᠯ  ᠤᠨ ᠰᠢ᠍ᠨ᠎ᠠ ᠵᠠᠮ ᠢ ᠬᠠᠮᠳ᠋ᠤ ᠪᠡᠷ ᠰᠦ᠋ᠪᠡᠭ᠍ᠴᠢ᠍ᠯᠡᠶ᠎ᠠ ᠭᠡᠵᠡᠢ᠃ (ᠳᠠᠯᠠᠢ)

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠯᠲᠠ ᠦᠷᠨᠢᠭᠦᠯᠦᠭ᠍ᠰᠡᠨ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠵᠠᠮ ᠬᠠᠷᠢ᠍ᠯᠴᠠᠭᠠᠨ ᠤ ᠠᠮᠤᠷ ᠲᠦ᠋ᠪᠰᠢ᠍ᠨ ᠦ ᠬᠠᠤᠯᠢ ᠬᠡᠷᠡᠭ᠍ᠵᠢ᠍ᠭᠦᠯᠦᠭ᠍ᠰᠡᠨ ᠪᠠᠢ᠌ᠳ᠋ᠠᠯ ᠳ᠋ᠦ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠯᠲᠠ ᠦᠷᠨᠢᠭᠦᠯᠦᠭ᠍ᠰᠡᠨ