ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠵᠠᠮ ᠬᠠᠷᠢ᠍ᠯᠴᠠᠭᠠᠨ ᠤ ᠠᠮᠤᠷ ᠲᠦ᠋ᠪᠰᠢ᠍ᠨ ᠦ ᠬᠠᠤᠯᠢ ᠬᠡᠷᠡᠭ᠍ᠵᠢ᠍ᠭᠦᠯᠦᠭ᠍ᠰᠡᠨ ᠪᠠᠢ᠌ᠳ᠋ᠠᠯ ᠳ᠋ᠦ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠯᠲᠠ ᠦᠷᠨᠢᠭᠦᠯᠦᠭ᠍ᠰᠡᠨ

                  

               11ᠰᠠᠷ᠎ᠠ ᠶᠢᠨ4 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠦᠷᠡᠪᠠᠲᠦ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠬᠤ ᠲᠤᠭᠤᠢ᠌ᠯᠠᠩ ᠢ ᠳᠠᠭᠠᠭᠤᠯᠤᠨ᠂ ᠮᠠᠨ ᠤ ᠬᠤᠰᠢ᠍ᠭᠤᠨ ᠤ 《 ᠪᠦᠬᠦᠲᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠵᠠᠮ ᠬᠠᠷᠢ᠍ᠯᠴᠠᠭᠠᠨ ᠤ ᠠᠮᠤᠷ ᠲᠦ᠋ᠪᠰᠢ᠍ᠨ ᠦ ᠬᠠᠤᠯᠢ》ᠵᠢ ᠲᠤᠭᠤᠰᠢ᠍ᠯᠠᠭᠤᠯᠤᠨ ᠬᠡᠷᠡᠭ᠍ᠵᠢ᠍ᠭᠦᠯᠦᠭ᠍ᠰᠡᠨ ᠪᠠᠢ᠌ᠳ᠋ᠠᠯ ᠳ᠋ᠦ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠯᠲᠠ ᠦᠷᠨᠢᠭᠦᠯᠦᠭ᠍ᠰᠡᠨ ᠪᠠᠢ᠌ᠨ᠎ᠠ᠃ ᠬᠤᠰᠢ᠍ᠭᠤᠨ ᠳᠡᠳ᠋ ᠳᠠᠷᠤᠭ᠎ᠠ᠂ ᠲᠤᠲᠤᠭᠠᠳ᠋ᠤ ᠶᠢ ᠬᠠᠮᠠᠭᠠᠯᠠᠬᠤ ᠲᠤᠪᠴᠢ᠍ᠶᠡᠨ ᠤ ᠳᠠᠷᠤᠭ᠎ᠠ ᠰᠠᠢ᠌ᠨᠪᠠᠶᠠᠷ ᠪᠠᠷ᠎ᠠ ᠪᠤᠯᠤᠨ ᠪᠠᠢ᠌ᠴᠠᠭᠠᠪᠠ᠃

                   

                 ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠬᠤ ᠲᠤᠭᠤᠢ᠌ᠯᠠᠩ ᠤᠷᠢ᠍ᠳ ᠬᠤᠵᠢ᠍ᠳ ᠬᠤᠰᠢ᠍ᠭᠤᠨ ᠤ ᠲᠤᠳ᠋ᠤᠭᠠᠲᠤ ᠶᠢ ᠬᠠᠮᠠᠭᠠᠯᠠᠬᠤ ᠲᠤᠪᠴᠢ᠍ᠶ᠎ᠠ ᠶᠢᠨ ᠵᠠᠮ ᠬᠠᠷᠢ᠍ᠯᠴᠠᠭᠠᠨ ᠤ ᠴᠠᠭᠳ᠋ᠠᠭᠠᠨ ᠤ ᠶᠡᠭᠡ ᠠᠩᠬᠢ ᠶᠢᠨ ᠬᠤᠸᠨ ᠵᠢᠶ‍ᠸ ᠦᠢ᠍ᠯᠡᠴᠢ᠍ᠯᠡᠭᠡᠨ ᠦ ᠦᠷᠲᠡᠭᠡ᠂ ᠶᠡᠭᠡ ᠪᠡᠶ᠎ᠠ 《 ᠵᠠᠮ ᠬᠠᠷᠢ᠍ᠯᠴᠠᠭᠠᠨ ᠤ ᠭᠡᠷ ᠪᠦᠯᠢ 》᠂ ᠬᠤᠰᠢ᠍ᠭᠤᠨ ᠤ ᠲᠤᠳ᠋ᠤᠭᠠᠲᠤ ᠶᠢ ᠬᠠᠮᠠᠭᠠᠯᠠᠬᠤ ᠲᠤᠪᠴᠢ᠍ᠶᠠᠨ ᠤ ᠵᠢᠯᠤᠭᠤᠳᠬᠤ ᠲᠦ᠋ᠪ ᠲᠤ ᠬᠦᠷᠴᠤ ᠲᠤᠬᠠᠢ ᠶᠢᠨ ᠭᠠᠵᠠᠷ ᠲᠤ ᠨᠢ ᠪᠠᠢ᠌ᠴᠠᠭᠠᠯᠲᠠ ᠬᠢᠵᠦ᠂ ᠮᠠᠨ ᠤ ᠬᠤᠰᠢ᠍ᠭᠤᠨ ᠤ 《 ᠪᠦᠬᠦᠲᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠵᠠᠮ ᠬᠠᠷᠢ᠍ᠯᠴᠠᠭᠠᠨ ᠤ ᠠᠮᠤᠷ ᠲᠦ᠋ᠪᠰᠢ᠍ᠨ ᠦ ᠬᠠᠤᠯᠢ 》ᠵᠢ ᠲᠤᠭᠤᠰᠢ᠍ᠯᠠᠭᠤᠯᠤᠨ ᠬᠡᠷᠡᠭ᠍ᠵᠢ᠍ᠭᠦᠯᠵᠦ ᠪᠠᠢ᠌ᠭ᠎ᠠ ᠪᠠᠢ᠌ᠳ᠋ᠠᠯ ᠢ ᠨᠠᠷᠢ᠍ᠯᠢ᠍ᠭ ᠤᠢ᠌ᠯᠠᠭᠠᠭᠰᠠᠨ ᠪᠠᠢ᠌ᠨ᠎ᠠ᠃

                  

              ᠲᠤᠬᠠᠢ ᠶᠢᠨ ᠭᠠᠵᠠᠷ ᠤᠨ ᠪᠠᠢ᠌ᠴᠠᠭᠠᠯᠲᠠ ᠳᠠᠭᠤᠰᠤᠭᠰᠠᠨ ᠤ ᠳᠠᠷᠠᠭ᠎ᠠ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ᠂ ᠮᠠᠨ ᠤ ᠬᠤᠰᠢ᠍ᠭᠤᠨ ᠤ 《ᠪᠦᠬᠦᠲᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠵᠠᠮ ᠬᠠᠷᠢ᠍ᠯᠴᠠᠭᠠᠨ ᠤ ᠠᠮᠤᠷ ᠲᠦ᠋ᠪᠰᠢ᠍ᠨ ᠦ ᠬᠠᠤᠯᠢ》 ᠵᠢ ᠲᠤᠭᠤᠰᠢ᠍ᠯᠠᠭᠤᠯᠤᠨ ᠬᠡᠷᠡᠭ᠍ᠵᠢ᠍ᠭᠦᠯᠵᠦ ᠪᠠᠢ᠌ᠭ᠎ᠠ ᠪᠠᠢ᠌ᠳ᠋ᠠᠯ ᠤᠨ ᠬᠠᠷᠢ᠍ᠭᠤ ᠮᠡᠳ᠋ᠡᠭᠦᠯᠦᠯᠲᠡ ᠶᠢ ᠰᠤᠨᠤᠰᠪᠠ᠃ ᠬᠠᠷᠢ᠍ᠭᠤ ᠮᠡᠳ᠋ᠡᠬᠦᠯᠦᠯᠳ᠋ᠡ ᠶᠢ ᠰᠤᠨᠤᠰᠤᠭᠰᠠᠨ ᠤ ᠳᠠᠷᠠᠭ᠎ᠠ᠂ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠬᠤ ᠲᠤᠭᠤᠢ᠌ᠯᠠᠩ ᠦᠨ ᠬᠢᠨ ᠮᠠᠨ ᠤ ᠬᠤᠰᠢ᠍ᠭᠤᠨ ᠤ ᠬᠠᠤᠯᠢ ᠬᠡᠷᠡᠭ᠍ᠵᠢ᠍ᠭᠦᠯᠦᠯᠲᠡ ᠶᠢᠨ ᠠᠵᠢ᠍ᠯ ᠢ ᠭᠦᠢ᠍ᠴᠡᠳ ᠦᠨᠡᠯᠡᠬᠦ ᠶᠢᠨ ᠬᠠᠮᠳ᠋ᠤ ᠵᠢᠭᠠᠵᠤ ᠭᠠᠷᠭᠠᠭᠰᠠᠨ ᠨᠢ ᠵᠠᠮ ᠬᠠᠷᠢ᠍ᠯᠴᠠᠭᠠᠨ ᠤ ᠠᠮᠤᠷ ᠲᠦ᠋ᠪᠰᠢ᠍ᠨ ᠨᠢ ᠠᠷᠠᠳ ᠤᠯᠠᠨ ᠦ ᠡᠳ᠋ ᠬᠦᠷᠦᠩᠭᠡ ᠶᠢᠨ ᠠᠮᠤᠷ ᠲᠦ᠋ᠪᠰᠢ᠍ᠨ ᠪᠤᠯᠤᠨ ᠠᠵᠤ ᠠᠬᠤᠢ ᠨᠠᠢ᠌ᠭᠡᠮ ᠤᠨ ᠬᠦᠭ᠍ᠵᠢ᠍ᠯᠲᠡ ᠲᠡᠶ ᠰᠢ᠍ᠭᠤᠳ ᠬᠤᠯᠪᠤᠭᠳ᠋ᠠᠵᠤ᠂ ᠮᠠᠨ ᠤ ᠬᠤᠰᠢ᠍ᠭᠤᠨ ᠤ ᠠᠮᠤᠷ ᠲᠦ᠋ᠪᠰᠢ᠍ᠨ ᠂ᠠᠷᠠᠳ ᠤᠨ ᠠᠮᠢ᠍ᠳ᠋ᠤᠷᠠᠯ ᠲᠠᠢ ᠨᠢᠭᠲᠠ ᠬᠤᠯᠪᠤᠭᠳᠠᠵᠦ ᠪᠤᠢ ᠃ ᠡᠷᠬᠡᠪᠰᠢ ᠤᠬᠠᠭᠤᠯᠭ᠎ᠠ ᠬᠦᠮᠦᠵᠢ᠍ᠯ ᠦᠨ ᠡᠷᠴᠢ᠍ᠮ ᠵᠢᠠᠨ ᠦᠷᠬᠦᠯᠵᠢ᠍ᠯᠡᠨ ᠴᠢ᠍ᠩᠭ᠋ᠠᠳᠬᠠᠵᠤ᠂ 《ᠵᠠᠮ ᠬᠠᠷᠢ᠍ᠯᠴᠠᠭᠠᠨ ᠤ ᠭᠡᠷ ᠪᠦᠯᠢ》 ᠳ᠋ᠦ ᠲᠦᠰᠢᠭ᠍ᠯᠡᠨ᠂ ᠤᠶᠤᠨ ᠤ ᠪᠤᠯᠪᠠᠰᠤᠨ ᠢ ᠡᠭᠦᠳ᠋ᠦᠨ ᠪᠠᠢ᠌ᠭᠤᠯᠬᠤ ᠪᠤᠯᠤᠨ ᠵᠠᠮ ᠬᠠᠷᠢ᠍ᠯᠴᠠᠭᠠᠨ ᠤ ᠡᠮᠬᠢ ᠵᠢᠷᠦᠮ ᠢ ᠲᠤᠰᠬᠠᠢ ᠴᠡᠭ᠍ᠴᠡᠯᠡᠬᠦ ᠠᠵᠢ᠍ᠯᠯᠠᠭ᠎ᠠ ᠶᠢᠨ ᠲᠤᠭᠤᠷᠢ᠍ᠨ ᠳ᠋ᠦ᠂ ᠲᠦ᠋ᠪᠯᠡᠷᠡᠩᠭᠦᠢ ᠤᠬᠠᠭᠤᠯᠭ᠎ᠠ᠂ ᠵᠢᠭᠰᠠᠭᠠᠯ ᠤᠨ ᠭᠠᠵᠠᠷ ᠤᠨ ᠤᠬᠠᠭᠤᠯᠭ᠎ᠠ᠂ ᠨᠠᠭᠦᠳ᠋ᠡᠯ ᠰᠤᠷᠭᠠᠨ ᠬᠦᠮᠦᠵᠢ᠍ᠯ ᠵᠡᠷᠭᠡ ᠠᠷᠭ᠎ᠠ ᠬᠡᠯᠪᠡᠷᠢ ᠪᠡᠷ᠂ ᠤᠬᠠᠭᠤᠯᠭ᠎ᠠ ᠶᠢᠨ ᠪᠦᠷᠬᠦᠴᠡ ᠶᠢ ᠲᠠᠰᠤᠷᠠᠯᠳ᠋ᠠ ᠦᠭᠡᠶ ᠦᠷᠭᠡᠳᠬᠡᠬᠦ ᠬᠡᠷᠡᠭ᠍ᠲᠡᠢ᠃ ᠡᠷᠬᠡᠪᠰᠢ ᠨᠠᠮᠤᠷ ᠡᠪᠦᠯ ᠦᠨ ᠤᠯᠠᠷᠢ᠍ᠯ ᠤᠨ ᠵᠠᠮ ᠤᠨ ᠬᠠᠷᠢ᠍ᠯᠴᠠᠭᠠᠨ ᠤ ᠠᠮᠤᠷ ᠲᠦ᠋ᠪᠰᠢ᠍ᠨ ᠦ ᠴᠡᠭ᠍ᠴᠡᠯᠡᠨ ᠵᠠᠰᠠᠬᠤ ᠵᠠᠭᠤᠨ ᠡᠳ᠋ᠦᠷ ᠦᠨ ᠳᠠᠢ᠌ᠯᠠᠯᠳ᠋ᠤᠭᠠᠨ ᠢ ᠭᠦᠨᠵᠡᠭᠡᠢ ᠲᠦ᠋ᠯᠬᠢᠨ ᠠᠬᠢᠭᠤᠯᠵᠤ᠂ ᠵᠠᠮ ᠬᠠᠷᠢ᠍ᠯᠴᠠᠭᠠᠨ ᠤ ᠬᠠᠤᠯᠢ ᠶᠢ ᠵᠦ᠋ᠷᠢ᠍ᠴᠡᠭ᠍ᠰᠡᠨ ᠠᠵᠢ᠍ᠯᠯᠠᠭ᠎ᠠ ᠳ᠋ᠦ ᠡᠷᠡᠰ ᠴᠤᠬᠢᠯᠲᠠ ᠦᠭ᠍ᠬᠦᠨ᠂ ᠴᠢ᠍ᠩᠭ᠎ᠠ ᠬᠠᠮᠢ᠍ᠶᠠᠷᠬᠤ ᠬᠦᠷᠢ᠍ᠶ᠎ᠠ ᠬᠡᠪᠴᠢ᠍ᠶ᠎ᠠ ᠪᠠᠨ ᠮᠠᠯᠵᠢ᠍ᠬᠤ ᠲᠠᠷᠢ᠍ᠶᠠᠯᠠᠬᠤ ᠤᠷᠤᠨ ᠳ᠋ᠦ ᠦᠷᠭᠡᠳᠭᠡᠬᠦ ᠬᠡᠷᠡᠭ᠍ᠲᠡᠢ᠃ ᠡᠷᠬᠡᠪᠰᠢ ᠬᠤᠪᠢ ᠬᠦᠮᠦᠨ ᠦ ᠲᠡᠷᠭᠡ ᠶᠢᠨ ᠬᠠᠤᠯᠢ ᠡᠴᠨ ᠵᠦ᠋ᠷᠢ᠍ᠴᠡᠨ ᠬᠦᠮᠦᠨ ᠰᠠᠭᠤᠯᠭᠠᠬᠤ ᠡᠵᠡᠩᠨᠡᠯᠲᠡ ᠶᠢᠨ ᠠᠵᠢ᠍ᠯᠯᠠᠭ᠎ᠠ ᠶᠢ ᠳᠡᠭᠡᠳ᠋ᠦ ᠬᠡᠮᠵᠢ᠍ᠶ᠎ᠠ ᠪᠡᠷ ᠴᠢ᠍ᠬᠤᠯᠠᠴᠢ᠍ᠯᠠᠨ᠂ ᠨᠠᠷᠢ᠍ᠯᠢ᠍ᠭ ᠪᠠᠢ᠌ᠷᠢ᠍ᠯᠠᠭᠤᠯᠵᠤ᠂ ᠴᠢ᠍ᠩᠭ᠎ᠠ ᠵᠤᠬᠢᠶᠠᠨ ᠪᠠᠢ᠌ᠭᠤᠯᠵᠤ᠂ ᠲᠤᠰᠬᠠᠢ ᠴᠡᠭ᠍ᠴᠡᠯᠡᠨ ᠵᠠᠰᠠᠬᠤ ᠬᠠᠮᠲᠤᠷᠠᠭᠰᠠᠨ ᠬᠠᠤᠯᠢ ᠬᠡᠷᠡᠭ᠍ᠵᠢ᠍ᠬᠦᠯᠬᠦ ᠠᠵᠢ᠍ᠯᠯᠠᠭ᠎ᠠ ᠶᠢ ᠶᠡᠭᠡᠪᠡᠷ ᠦᠷᠨᠢᠬᠦᠯᠬᠦ ᠬᠡᠷᠡᠭ᠍ᠲᠡᠢ᠃ ᠡᠷᠬᠡᠪᠰᠢ ᠦᠷᠯᠦᠭᠡ ᠶᠢᠨ ᠵᠠᠬ᠎ᠠ ᠲᠡᠯᠭᠡᠭᠦᠷ᠂ ᠦᠳ᠋ᠡᠰᠢ ᠶᠢᠨ ᠵᠠᠬ᠎ᠠ ᠲᠡᠯᠭᠡᠭᠦᠷ ᠵᠡᠷᠭᠡ ᠲᠠᠯᠠᠪᠤᠷ ᠤᠨ ᠤᠷᠤᠵᠤ ᠭᠠᠷᠬᠤ ᠲᠡᠷᠭᠡ ᠬᠦᠰᠭᠡ ᠪᠤᠯᠤᠨ ᠲᠡᠷᠭᠡ ᠵᠤᠭᠰᠤᠬᠤ ᠬᠠᠮᠢ᠍ᠶᠠᠷᠤᠯᠲᠠ ᠪᠠᠨ ᠤᠯᠠᠮ ᠨᠢ᠍ᠭᠡ ᠠᠯᠬᠤᠮ ᠴᠢ᠍ᠩᠭ᠋ᠠᠳᠬᠠᠨ᠂ ᠵᠠᠮ ᠬᠠᠷᠢ᠍ᠯᠴᠠᠭᠠᠨ ᠤ ᠠᠮᠤᠷ ᠲᠦ᠋ᠪᠰᠢ᠍ᠨ ᠢ ᠴᠠᠭ ᠢᠮᠠᠭᠲᠠ ᠠᠩᠬᠠᠷᠤᠨ᠂ ᠦᠪᠡᠷ ᠦᠪᠡᠷ ᠦᠨ ᠲᠤᠰᠢ᠍ᠶᠠᠯ ᠶᠢᠡᠨ ᠭᠦᠢ᠍ᠴᠡᠳᠭᠡᠵᠦ᠂ ᠦᠨᠡᠨᠴᠢ ᠪᠡᠷ ᠬᠠᠮᠵᠢ᠍ᠯᠴᠠᠨ᠂ ᠢᠳ᠋ᠡᠪᠬᠢᠲᠡᠢ ᠠᠵᠢ᠍ᠯᠯᠠᠵᠤ᠂ ᠵᠠᠮ ᠬᠠᠷᠢ᠍ᠯᠴᠠᠭᠠᠨ ᠤ ᠠᠮᠤᠷ ᠲᠦ᠋ᠪᠰᠢ᠍ᠨ ᠦ ᠠᠵᠢ᠍ᠯ ᠤᠨ ᠬᠠᠷᠢ᠍ᠭᠤᠴᠠᠯᠭ᠎ᠠ ᠪᠠᠨ ᠪᠦᠬᠦ ᠲᠠᠯ᠎ᠠ ᠪᠡᠷ ᠨᠠᠢ᠌ᠳ᠋ᠠᠪᠤᠷᠢ᠍ᠵᠢ᠍ᠭᠤᠯᠬᠤ ᠬᠡᠷᠡᠭ᠍ᠲᠡᠢ᠃ ᠡᠷᠬᠡᠪᠰᠢ ᠡᠩᠨᠡᠭᠡᠨ ᠦ ᠪᠦᠲᠦᠭᠡᠨ ᠪᠠᠢ᠌ᠭᠤᠯᠤᠯᠲᠠ ᠪᠠᠨ ᠤᠯᠠᠮ ᠨᠢ᠍ᠭᠡ ᠠᠯᠬᠤᠮ ᠴᠢ᠍ᠩᠭ᠋ᠠᠳᠬᠠᠵᠤ᠂ ᠠᠷᠠᠳ ᠤᠨ ᠴᠠᠭᠳ᠋ᠠᠭ᠎ᠠ ᠶᠢᠨ ᠬᠠᠤᠯᠢ ᠬᠡᠷᠡᠭ᠍ᠵᠢ᠍ᠬᠦᠯᠬᠦ ᠶᠢ ᠵᠢᠷᠤᠮᠵᠢ᠍ᠭᠤᠯᠬᠤ ᠴᠢ᠍ᠬᠤᠯᠨ ᠴᠢ᠍ᠨᠠᠷ ᠤᠨ ᠲᠠᠨᠢᠯᠲᠠ᠂ ᠬᠠᠤᠯᠢ ᠴᠠᠭᠠᠵᠠ ᠶᠢᠨ ᠬᠡᠪ ᠪᠤᠯᠪᠠᠰᠤᠷᠠᠯ ᠪᠤᠯᠤᠨ ᠬᠠᠤᠯᠢ ᠬᠡᠷᠡᠭ᠍ᠵᠢ᠍ᠬᠦᠯᠬᠦ ᠬᠢᠷᠢ ᠲᠦ᠋ᠪᠰᠢ᠍ᠨ ᠢ ᠪᠦᠬᠦ ᠲᠠᠯ᠎ᠠ ᠪᠡᠷ ᠳᠡᠭᠡᠭ᠍ᠰᠢ᠍ᠯᠡᠬᠦᠯᠵᠦ᠂ ᠲᠦ᠋ᠪ ᠭᠤᠤᠯᠴᠢ ᠠᠷᠢ᠍ᠭᠤᠨ ᠴᠢ᠍ᠭᠡᠴᠢ ᠪᠡᠷ ᠬᠠᠤᠯᠢ ᠬᠡᠷᠡᠭ᠍ᠵᠢ᠍ᠬᠦᠯᠬᠦ ᠶᠢ ᠶᠡᠭᠡ ᠬᠦᠴᠦᠨ ᠶᠢᠡᠷ ᠠᠬᠢᠭᠤᠯᠤᠨ᠂ ᠵᠠᠮ ᠬᠠᠷᠢ᠍ᠯᠴᠠᠭᠠᠨ ᠤ ᠠᠮᠤᠷ ᠲᠦ᠋ᠪᠰᠢ᠍ᠨ ᠦ ᠠᠵᠢ᠍ᠯ ᠤᠨ ᠭᠤᠤᠯ ᠴᠤᠭᠴᠠ ᠶᠢᠨ ᠬᠠᠷᠢ᠍ᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠠᠮᠢ᠍ᠶᠠᠷᠤᠯᠲᠠ ᠦᠢ᠍ᠯᠡᠴᠢ᠍ᠯᠡᠭᠡ ᠶᠢᠨ ᠴᠢ᠍ᠳ᠋ᠠᠪᠬᠢ ᠪᠠᠨ ᠴᠢ᠍ᠷᠮᠠᠢ᠌ᠨ ᠳᠡᠭᠡᠭ᠍ᠰᠢ᠍ᠯᠡᠬᠦᠯᠵᠦ᠂ ᠮᠠᠨ ᠤ ᠬᠤᠰᠢ᠍ᠭᠤᠨ ᠤ ᠤᠯᠠᠨ ᠲᠦ᠋ᠮᠡᠨ ᠳ᠋ᠦ ᠠᠮᠤᠷ ᠲᠦ᠋ᠪᠰᠢ᠍ᠨ ᠡᠶ᠎ᠠ ᠵᠤᠬᠢᠴᠠᠩᠭ᠋ᠤᠢ ᠡᠮᠬᠢ ᠵᠢᠷᠤᠮ ᠲᠡᠶ ᠵᠠᠮ ᠬᠠᠷᠢ᠍ᠯᠴᠠᠭᠠᠨ ᠤ ᠤᠷᠴᠢ᠍ᠨ ᠲᠤᠭᠤᠷᠢ᠍ᠨ ᠢ ᠡᠭᠦᠳ᠋ᠦᠨ ᠦᠭ᠍ᠬᠦᠬᠦ ᠬᠡᠷᠡᠭ᠍ᠲᠡᠢ ᠭᠡᠵᠡᠢ᠃

            

            ᠰᠠᠭᠤᠳ᠋ᠠᠯ ᠤᠨ ᠬᠤᠷᠠᠯ ᠳᠡᠭᠡᠷ᠎ᠠ᠂ ᠬᠤᠷᠠᠯ ᠳᠦ ᠤᠷᠤᠯᠴᠠᠭᠰᠠᠳ ᠵᠢᠯᠤᠭᠤᠴᠢ ᠶᠢᠨ ᠰᠤᠷᠭᠠᠭᠤᠯᠢ ᠶᠢᠨ ᠬᠠᠮᠢ᠍ᠶᠠᠷᠤᠯᠲᠠ᠂ ᠬᠤᠪᠢ ᠶᠢᠨ ᠮᠠᠰᠢ᠍ᠨ ᠲᠡᠷᠭᠡ ᠬᠠᠤᠯᠢ ᠡᠴᠨ ᠵᠦ᠋ᠷᠢ᠍ᠴᠡᠨ ᠲᠡᠭᠡᠭᠡᠪᠦᠷᠢ᠍ᠯᠡᠬᠦ᠂ ᠬᠦᠳ᠋ᠡᠭᠡ ᠲᠤᠰᠬᠤᠨ ᠤ ᠵᠠᠰᠠᠮᠠᠯ ᠵᠠᠮ ᠤᠨ ᠰᠠᠭᠤᠷᠢ ᠲᠦ᠋ᠬᠦᠭᠡᠷᠦᠮᠵᠢ ᠬᠠᠮᠠᠭᠠᠯᠠᠯᠲᠠ ᠵᠡᠷᠭᠡ ᠲᠤᠭᠤᠷᠢ᠍ᠨ ᠳ᠋ᠦ ᠰᠠᠨᠠᠯ ᠰᠠᠨᠠᠭᠤᠯᠭ᠎ᠠ ᠲᠤᠷᠠᠳ᠋ᠤᠭᠰᠠᠨ ᠪᠠᠢ᠌ᠨ᠎ᠠ᠃ (ᠳᠠᠯᠠᠢ)

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠤᠭᠤᠷᠢ᠍ᠨ ᠰᠤᠷᠤᠯᠴᠠᠬᠤ ᠲᠤᠭᠤᠢ᠌ᠯᠠᠩ ᠬᠢᠩᠭ᠋ᠠᠨ ᠠᠢ᠌ᠮᠠᠭ ᠤᠨ ᠬᠤᠷᠴᠢ᠍ᠨ ᠪᠠᠷᠠᠭᠤᠨ ᠭᠠᠷᠤᠨ ᠡᠮᠦᠨᠡᠲᠦ ᠬᠤᠰᠢ᠍ᠭᠤᠨ ᠳ᠋ᠦ ᠬᠦᠷᠴᠦ ᠲᠦ᠋ᠰᠦᠪᠯᠡᠨ ᠪᠤᠳ᠋ᠤᠬᠤ ᠶᠢ ᠬᠢᠨᠠᠨ ᠪᠠᠢ᠌ᠴᠠᠭᠠᠬᠤ ᠬᠢᠨᠠᠯᠲᠠ ᠲᠠᠯᠪᠢᠬᠤ ᠠᠵᠢ᠍ᠯ ᠢ ᠲᠤᠭᠤᠷᠢ᠍ᠨ ᠰᠤᠷᠤᠯᠴᠠᠪᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠪᠦᠬᠦ ᠺᠠᠲᠷ ᠠᠵᠢ᠍ᠯᠲᠠᠨ ᠤ ᠶᠡᠭᠡ ᠬᠤᠷᠠᠯ ᠬᠤᠷᠠᠯᠳ᠋ᠤᠭᠤᠯᠪᠠ