ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠪᠦᠬᠦ ᠺᠠᠲᠷ ᠠᠵᠢ᠍ᠯᠲᠠᠨ ᠤ ᠶᠡᠭᠡ ᠬᠤᠷᠠᠯ ᠬᠤᠷᠠᠯᠳ᠋ᠤᠭᠤᠯᠪᠠ

11ᠰᠠᠷ᠎ᠠ ᠶᠢᠨ6 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠪᠦᠬᠦ ᠺᠠᠲᠷ ᠠᠵᠢ᠍ᠯᠲᠠᠨ ᠤ ᠶᠡᠬᠡ ᠬᠤᠷᠠᠯ ᠬᠤᠷᠠᠯᠳ᠋ᠤᠭᠤᠯᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠡᠤ ᠰᠢ᠍ᠶᠤᠤ ᠬᠤᠷᠠᠯ ᠳ᠋ᠦ ᠰᠠᠭᠠᠲᠠᠵᠤ ᠶᠡᠷᠢ᠍ᠶᠠ ᠲᠠᠯᠪᠢᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠷᠢ᠍ᠨ ᠪᠢᠴᠢ᠍ᠭ᠌ ᠦᠨ ᠳᠠᠷᠤᠭ᠎ᠠ ᠯᠢ ᠴᠧᠩ ᠭᠦᠸᠸ ᠬᠤᠷᠠᠯ ᠡᠷᠬᠢᠯᠡᠪᠡ᠃

ᠬᠤᠷᠠᠯ ᠳᠡᠭᠡᠷ᠎ᠠ᠂ ᠡᠦ ᠰᠢ᠍ᠶᠤᠤ ᠡᠷᠬᠢᠯᠡᠭ᠍ᠴᠢ ᠡᠴᠨ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠵᠢᠯ ᠡᠴᠨ ᠨᠠᠭᠠᠰᠢ᠍ᠬᠢ ᠬᠢᠭ᠍ᠰᠡᠨ ᠠᠵᠢ᠍ᠯ ᠳ᠋ᠦ ᠦᠨᠡᠯᠡᠯᠲᠡ ᠬᠢᠵᠦ᠂ ᠦᠷ᠎ᠠ ᠪᠦᠲᠦᠮᠵᠢ ᠶᠢ ᠨᠢ ᠭᠦᠢ᠍ᠴᠡᠳ ᠨᠤᠲᠠᠯᠠᠨ᠂ ᠲᠤᠳ᠋ᠠᠭᠳ᠋ᠠᠯ ᠢ ᠨᠢ ᠵᠢᠭᠠᠨ ᠭᠠᠷᠭᠠᠵᠤ᠂ ᠳᠠᠷᠠᠭᠠᠴᠢ ᠶᠢᠨ ᠠᠵᠢ᠍ᠯ ᠳ᠋ᠦ ᠲᠤᠳ᠋ᠤᠷᠬᠠᠢ ᠱᠠᠭᠠᠷᠳ᠋ᠠᠯᠭ᠎ᠠ ᠲᠤᠷᠠᠳ᠋ᠤᠪᠠ᠃ ᠡᠦ ᠰᠢ᠍ᠶᠤᠤ ᠡᠷᠬᠢᠯᠡᠭ᠍ᠴᠢ ᠱᠠᠭᠠᠷᠳ᠋ᠠᠭᠰᠠᠨ ᠨᠢ᠂ ᠨᠢ᠍ᠭᠡ ᠳ᠋ᠦ᠂ ᠪᠦᠬᠦ ᠬᠦᠴᠦᠨ ᠶᠢᠡᠷ ᠰᠢ᠍ᠪᠲᠦᠯᠦᠯᠲᠠ ᠬᠢᠵᠦ᠂ ᠵᠢᠯ ᠦᠨ ᠠᠵᠢ᠍ᠯ ᠡᠭᠦᠷᠭᠡ ᠪᠡᠨ ᠪᠡᠶᠡᠯᠡᠬᠦᠯᠬᠦ ᠶᠢ ᠪᠠᠲᠤᠯᠠᠬᠤ ᠬᠡᠷᠡᠭ᠍ᠲᠡᠢ᠃ ᠡᠯ᠎ᠠ ᠠᠵᠢ᠍ᠯ ᠤᠨ ᠵᠦ᠋ᠪᠯᠡᠯ ᠪᠠ ᠠᠯᠪᠠᠨ ᠭᠡᠷ ᠬᠠᠷᠢ᠍ᠭᠤᠴᠠᠯᠭᠠᠳ᠋ᠤ ᠰᠡᠳᠬᠢᠯᠭᠡ ᠪᠤᠯᠤᠨ ᠪᠠᠴᠢ᠍ᠮ ᠲᠤᠯᠭᠠᠮ᠎ᠠ ᠰᠡᠳᠬᠢᠯᠭᠡ ᠪᠠᠨ ᠦᠨᠡᠨᠬᠦ ᠳᠡᠭᠡᠭ᠍ᠰᠢ᠍ᠯᠡᠬᠦᠯᠵᠦ᠂ ᠵᠢᠯ ᠦᠨ ᠡᠬᠢᠨ ᠳ᠋ᠦ ᠲᠤᠭᠳ᠋ᠠᠭᠰᠠᠨ ᠠᠵᠢ᠍ᠯ ᠤᠨ ᠪᠠᠢ᠌ᠷᠢ᠍ᠯᠠᠭᠤᠯᠤᠯᠲᠠ ᠶᠤᠰᠤᠭᠠᠷ᠂ ᠬᠠᠷᠢ᠍ᠭᠤᠴᠠᠯᠭ᠎ᠠ ᠪᠠᠨ ᠨᠠᠢ᠌ᠳ᠋ᠠᠪᠤᠷᠢ᠍ᠵᠢ᠍ᠭᠤᠯᠵᠤ᠂ ᠲᠤᠳ᠋ᠠᠭᠳ᠋ᠠᠯ ᠶᠢᠡᠨ ᠨᠦ᠋ᠬᠦᠪᠦᠷᠢ᠍ᠯᠡᠨ᠂ ᠡᠯ᠎ᠠ ᠲᠦ᠋ᠷᠦᠯ ᠦᠨ ᠠᠵᠢ᠍ᠯ ᠡᠭᠦᠷᠭᠡ ᠪᠠᠨ ᠲᠤᠭᠳ᠋ᠠᠭᠰᠠᠨ ᠴᠠᠭ ᠲᠤ ᠨᠢ ᠪᠡᠶᠡᠯᠡᠬᠦᠯᠬᠦ ᠬᠡᠷᠡᠭ᠍ᠲᠡᠢ᠃ ᠬᠤᠶᠠᠷ ᠲᠤ᠂ ᠰᠤᠷᠤᠯᠴᠠᠯᠭ᠎ᠠ ᠪᠠᠨ ᠦᠷᠬᠦᠯᠵᠢ᠍ᠯᠡᠨ ᠴᠢ᠍ᠩᠭ᠋ᠠᠳᠬᠠᠵᠤ᠂ ᠡᠭᠦᠷᠭᠡ ᠲᠤᠰᠢ᠍ᠶᠠᠯ ᠶᠢᠡᠨ ᠭᠦᠢ᠍ᠴᠡᠳᠬᠡᠬᠦ ᠴᠢ᠍ᠳ᠋ᠠᠪᠦᠷᠢ ᠪᠠᠨ ᠳᠡᠭᠡᠭ᠍ᠰᠢ᠍ᠯᠡᠬᠦᠯᠬᠦ ᠬᠡᠷᠡᠭ᠍ᠲᠡᠢ᠃ ᠡᠷᠬᠡᠪᠰᠢ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯ ᠤᠨ ᠪᠤᠳ᠋ᠠᠳ᠋ᠤ ᠪᠠᠢ᠌ᠳ᠋ᠠᠯ ᠪᠠ ᠡᠭᠦᠷᠭᠡ ᠴᠢ᠍ᠳ᠋ᠠᠪᠬᠢ ᠶᠢᠨ ᠤᠨᠴᠠᠯᠢ᠍ᠭ ᠡᠴᠨ ᠡᠬᠦᠰᠬᠦ ᠶᠢ ᠪᠠᠷᠢ᠍ᠮᠳ᠋ᠠᠯᠠᠨ᠂ ᠤᠯᠤᠰ ᠲᠦ᠋ᠷᠦ᠂ ᠬᠠᠤᠯᠢ ᠴᠠᠭᠠᠵᠠ᠂ ᠲᠤᠬᠠᠢ᠌ᠯᠠᠭᠰᠠᠨ ᠠᠵᠢ᠍ᠯ ᠤᠨ ᠰᠤᠷᠤᠯᠴᠠᠯᠭ᠎ᠠ ᠪᠡᠷ ᠳᠠᠮᠵᠢ᠍ᠨ᠂ ᠦᠵᠡᠯ ᠰᠠᠨᠠᠭᠠᠨ ᠤ ᠲᠠᠨᠢᠯᠲᠠ᠂ ᠤᠨᠤᠯ ᠤᠨ ᠬᠢᠷᠢ ᠲᠦ᠋ᠪᠰᠢ᠍ᠨ ᠪᠠ ᠲᠤᠬᠠᠢ᠌ᠯᠠᠭᠰᠠᠨ ᠠᠵᠢ᠍ᠯ ᠤᠨ ᠴᠢ᠍ᠳ᠋ᠠᠪᠦᠷᠢ ᠪᠠᠨ ᠲᠠᠰᠤᠷᠠᠯᠲᠠ ᠦᠭᠡᠶ ᠳᠡᠭᠡᠭ᠍ᠰᠢ᠍ᠯᠡᠬᠦᠯᠬᠦ ᠬᠡᠷᠡᠭ᠍ᠲᠡᠢ᠃ ᠭᠤᠷᠪᠠ ᠳ᠋ᠦ᠂ ᠰᠠᠬᠢᠯᠭ᠎ᠠ ᠪᠠᠳ᠋ᠦ ᠶᠢ ᠴᠢ᠍ᠩᠭ᠎ᠠ ᠰᠠᠬᠢᠨ ᠵᠢᠷᠤᠮᠯᠠᠵᠤ᠂ ᠰᠤᠷᠳ᠋ᠠᠯ ᠤᠨ ᠪᠦᠲᠦᠭᠡᠨ ᠪᠠᠢ᠌ᠭᠤᠯᠤᠯᠲᠠ ᠶᠢ ᠭᠦᠨᠵᠡᠭᠡᠢ ᠲᠦ᠋ᠯᠬᠢᠨ ᠠᠬᠢᠭᠤᠯᠬᠤ ᠬᠡᠷᠡᠭ᠍ᠲᠡᠢ᠃ ᠪᠦᠬᠦ ᠺᠠᠲᠷ ᠠᠵᠢ᠍ᠯᠳ᠋ᠠᠳ ᠡᠷᠬᠡᠪᠰᠢ ᠠᠵᠢ᠍ᠯ ᠤᠨ ᠰᠠᠬᠢᠯᠭ᠎ᠠ ᠪᠠᠳ᠋ᠦ ᠪᠠ ᠠᠷᠢ᠍ᠭᠤᠨ ᠴᠢ᠍ᠭᠡᠴᠢ ᠪᠡᠷ ᠵᠠᠰᠠᠭ ᠪᠠᠷᠢ᠍ᠬᠤ ᠰᠠᠬᠢᠯᠭ᠎ᠠ ᠪᠠᠳ᠋ᠦ ᠶᠢ ᠴᠢ᠍ᠩᠭ᠎ᠠ ᠵᠢᠷᠤᠮᠯᠠᠨ᠂ ᠲᠦ᠋ᠪ ᠬᠤᠷᠢ᠍ᠶᠠᠨ ᠤ ᠨᠢ᠋ᠮᠠᠨ ᠲᠤᠭᠳ᠋ᠠᠭᠠᠯ ᠤᠨ ᠵᠤᠷᠢ᠍ᠭ ᠰᠠᠨᠠᠭ᠎ᠠ ᠶᠢ ᠨᠠᠷᠢ᠍ᠨ ᠬᠢᠨᠠᠮᠠᠭᠠᠢ ᠨᠠᠢ᠌ᠳ᠋ᠠᠪᠦᠷᠢ᠍ᠵᠢ᠍ᠭᠤᠯᠵᠤ᠂ ᠠᠷᠢ᠍ᠭᠤᠨ ᠴᠢ᠍ᠭᠡᠴᠢ ᠪᠡᠷ ᠪᠡᠶ᠎ᠠ ᠪᠠᠨ ᠪᠠᠷᠢ᠍ᠬᠤ ᠪᠠᠷᠢ᠍ᠮᠵᠢ᠍ᠶ᠎ᠠ ᠪᠠ ᠪᠠᠢ᠌ᠭᠤᠯᠭ᠎ᠠ ᠶᠢᠨ ᠡᠯ᠎ᠠ ᠳᠦ᠋ᠷᠢ᠍ᠮ ᠲᠤᠭᠳ᠋ᠠᠭᠠᠯ ᠢ ᠵᠢᠷᠤᠮᠯᠠᠨ ᠰᠠᠬᠢᠵᠤ᠂ ᠤᠪᠤᠷ ᠰᠤᠷᠳ᠋ᠠᠯ ᠲᠦ᠋ᠪ᠂ ᠡᠷᠴᠢ ᠵᠤᠷᠢ᠍ᠭ ᠲᠡᠭᠦᠯᠳ᠋ᠡᠷ ᠠᠵᠢ᠍ᠯ ᠤᠨ ᠤᠷᠴᠢ᠍ᠨ ᠲᠤᠭᠤᠷᠢ᠍ᠨ ᠢ ᠡᠭᠦᠳᠬᠦ ᠬᠡᠷᠡᠭ᠍ᠲᠡᠢ ᠭᠡᠵᠡᠢ᠃

ᠬᠤᠷᠠᠯ ᠳᠡᠭᠡᠷ᠎ᠠ᠂ ᠯᠢ ᠴᠸᠩ ᠭᠦᠸᠸ ᠨᠦ᠋ᠭᠦᠷ ᠡᠴᠨ ᠪᠠᠢ᠌ᠭᠤᠯᠭ᠎ᠠ ᠶᠢᠨ ᠤᠢ᠌ᠷ᠎ᠠ ᠶᠢᠨ ᠬᠤᠭᠤᠴᠠᠭᠠᠨ ᠤ ᠠᠵᠢ᠍ᠯ ᠤᠨ ᠭᠤᠤᠯᠳ᠋ᠠᠯᠭ᠎ᠠ ᠪᠤᠯᠤᠨ ᠪᠠᠢ᠌ᠭᠤᠯᠭ᠎ᠠ ᠶᠢᠨ ᠠᠵᠢ᠍ᠯ ᠤᠨ ᠰᠠᠬᠢᠯᠭ᠎ᠠ ᠪᠠᠳ᠋ᠦ ᠶᠢ ᠴᠢ᠍ᠩᠭ᠎ᠠ ᠵᠢᠷᠤᠮᠯᠠᠨ ᠰᠠᠬᠢᠬᠤ ᠵᠡᠷᠭᠡ ᠲᠠᠯ᠎ᠠ ᠳ᠋ᠦ ᠪᠤᠳ᠋ᠠᠳ᠋ᠠᠢ ᠪᠠᠢ᠌ᠷᠢ᠍ᠯᠠᠭᠤᠯᠤᠯᠲᠠ ᠬᠢᠪᠡ᠃ (ᠳᠠᠯᠠᠢ)