ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠯᠲᠠ ᠦᠷᠨᠢᠭᠦᠯᠦᠭ᠍ᠰᠡᠨ

                   

                  ᠤᠢ᠌ᠷ᠎ᠠ ᠶᠢᠨ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠡᠦ ᠰᠢ᠍ᠶᠤᠤ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠬᠤ ᠲᠤᠭᠤᠢ᠌ᠯᠠᠩ ᠢ ᠳᠠᠭᠠᠭᠤᠯᠤᠨ᠂ ᠮᠠᠨ ᠤ ᠬᠤᠰᠢ᠍ᠭᠤᠨ ᠤ《ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠡᠮ ᠦᠨ ᠬᠠᠮᠢ᠍ᠶᠠᠷᠤᠯᠲᠠ ᠶᠢᠨ ᠬᠠᠤᠯᠢ》ᠵᠢ ᠲᠤᠭᠤᠰᠢ᠍ᠯᠠᠭᠤᠯᠤᠨ ᠬᠡᠷᠡᠭ᠍ᠵᠢ᠍ᠭᠦᠯᠦᠭ᠍ᠰᠡᠨ ᠪᠠᠢ᠌ᠳ᠋ᠠᠯ ᠳ᠋ᠦ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠯᠲᠠ ᠦᠷᠨᠢᠭᠦᠯᠪᠡ᠃ ᠬᠤᠰᠢ᠍ᠭᠤᠨ ᠳᠡᠳ᠋ ᠳᠠᠷᠤᠭ᠎ᠠ ᠸᠠᠩ ᠶᠠᠨ ᠵᠢᠶ‍ᠦ᠋ᠨ ᠵᠢᠴᠢ ᠬᠤᠰᠢ᠍ᠭᠤᠨ ᠤ ᠬᠠᠮᠢ᠍ᠶ᠎ᠠ ᠪᠦᠬᠦᠢ ᠪᠠᠢ᠌ᠭᠤᠯᠭ᠎ᠠ ᠶᠢᠨ ᠬᠠᠷᠢ᠍ᠭᠤᠴᠠᠯᠭᠠᠳ᠋ᠠᠨ ᠪᠠᠷ᠎ᠠ ᠪᠤᠯᠤᠨ ᠪᠠᠢ᠌ᠴᠠᠭᠠᠪᠠ᠃

                    

                 ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ ᠬᠤᠰᠢ᠍ᠭᠤᠨ ᠤ ᠠᠷᠠᠳ ᠤᠨ ᠡᠮᠨᠡᠯᠭᠡ ᠶᠢᠨ ᠬᠤᠷᠢ᠍ᠶ᠎ᠠ᠂ ᠬᠤᠸᠨ ᠶᠤᠸᠠᠨ ᠺᠠᠩ ᠡᠮ ᠦᠨ ᠳᠡᠯᠭᠡᠭᠦᠷ᠂ ᠽᠧ ᠴᠢ᠍ᠶᠠᠩ ᠡᠮ ᠦᠨ ᠳᠡᠯᠭᠡᠭᠦᠷ ᠵᠡᠷᠭᠡ ᠭᠠᠵᠠᠷ ᠲᠤ ᠬᠦᠷᠴᠦ ᠪᠤᠳ᠋ᠠᠳ᠋ᠠᠢ ᠭᠠᠵᠠᠷ ᠲᠤ ᠨᠢ ᠪᠠᠢ᠌ᠴᠠᠭᠠᠨ ᠦᠵᠡᠬᠦ ᠶᠢᠨ ᠬᠠᠮᠳ᠋ᠤ ᠬᠠᠮᠢ᠍ᠶ᠎ᠠ ᠪᠦᠬᠦᠢ ᠬᠠᠷᠢ᠍ᠭᠤᠴᠠᠯᠭᠠᠳ᠋ᠠᠳ ᠤᠨ ᠠᠵᠢ᠍ᠯ ᠤᠨ ᠬᠠᠷᠢ᠍ᠭᠤ ᠮᠡᠳ᠋ᠡᠬᠦᠯᠦᠯᠳ᠋ᠡ ᠶᠢ ᠰᠤᠨᠤᠰᠤᠨ᠂ ᠡᠮ ᠦᠨ ᠭᠦᠢ᠍ᠯᠭᠡᠭᠡ᠂ ᠠᠵᠢ᠍ᠯᠲᠠᠨ ᠤ ᠲᠤᠬᠢᠷᠠᠭᠤᠯᠭ᠎ᠠ᠂ ᠡᠮ ᠦᠨ ᠡᠳ᠋ᠦᠷ ᠲᠤᠲᠤᠮ ᠤᠨ ᠬᠠᠮᠢ᠍ᠶᠠᠷᠤᠯᠳ᠋ᠠ ᠶᠢᠨ ᠪᠠᠢ᠌ᠳ᠋ᠠᠯ ᠵᠢᠴᠢ ᠤᠷᠤᠰᠢ᠍ᠵᠤ ᠪᠠᠢ᠌ᠭ᠎ᠠ ᠠᠰᠠᠭᠤᠳ᠋ᠠᠯ ᠢ ᠨᠠᠷᠢ᠍ᠯᠢ᠍ᠭ ᠤᠢ᠌ᠯᠠᠭᠠᠪᠠ᠃

                    

                  ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ ᠡᠮ ᠦᠨ ᠬᠢᠨᠠᠯᠲᠠ ᠬᠠᠮᠢ᠍ᠶᠠᠷᠤᠯᠲᠠ ᠶᠢᠡᠨ ᠤᠯᠠᠮ ᠨᠢ᠍ᠭᠡ ᠠᠯᠬᠤᠮ ᠴᠢ᠍ᠩᠭ᠋ᠠᠳᠬᠠᠨ᠂ 《ᠨᠢ᠍ᠭᠡ ᠬᠠᠤᠯᠢ ᠨᠢ᠍ᠭᠡ ᠳᠦ᠋ᠷᠢ᠍ᠮ》᠊ᠢ ᠴᠢ᠍ᠩᠭ᠎ᠠ ᠲᠤᠭᠤᠰᠢ᠍ᠯᠠᠭᠤᠯᠤᠨ ᠬᠡᠷᠡᠭ᠍ᠵᠢ᠍ᠬᠦᠯᠬᠦ ᠲᠤᠬᠠᠢ ᠰᠠᠨᠠᠯ ᠰᠠᠨᠠᠭᠤᠯᠭ᠎ᠠ ᠲᠤᠷᠠᠳ᠋ᠤᠪᠠ᠃ ᠪᠠᠢ᠌ᠴᠠᠭᠠᠬᠤ ᠲᠤᠭᠤᠢ᠌ᠯᠠᠩ ᠤᠨ ᠬᠢᠨ ᠱᠠᠭᠠᠷᠳ᠋ᠠᠭᠰᠠᠨ ᠨᠢ᠂ ᠵᠠᠰᠠᠭ ᠤᠨ ᠤᠷᠳ᠋ᠤᠨ ᠤ ᠬᠠᠮᠢ᠍ᠶ᠎ᠠ ᠪᠦᠬᠦᠢ ᠰᠠᠯᠠᠭ᠎ᠠ ᠮᠦ᠋ᠴᠢ᠍ᠷ ᠦᠨ ᠬᠢᠨ ᠡᠷᠬᠡᠪᠰᠢ ᠡᠮ ᠦᠨ ᠠᠮᠤᠷ ᠲᠦ᠋ᠪᠰᠢ᠍ᠨ ᠢ ᠳᠡᠭᠡᠳ᠋ᠦ ᠬᠡᠮᠵᠢ᠍ᠶ᠎ᠠ ᠪᠡᠷ ᠴᠢ᠍ᠬᠤᠯᠠᠴᠢ᠍ᠯᠠᠨ ᠦᠵᠡᠵᠦ᠂ ᠤᠬᠠᠭᠤᠯᠵᠤ ᠲᠤᠭᠤᠰᠢ᠍ᠯᠠᠭᠤᠯᠬᠤ ᠬᠦᠴᠦᠨ ᠵᠢᠠᠨ ᠴᠢ᠍ᠩᠭ᠋ᠠᠳᠬᠠᠨ᠂ ᠬᠠᠷᠢ᠍ᠭᠤᠴᠠᠯᠭ᠎ᠠ ᠪᠠᠨ ᠨᠠᠢ᠌ᠳ᠋ᠠᠪᠤᠷᠢ᠍ᠵᠢ᠍ᠭᠤᠯᠬᠤ ᠶᠢ ᠴᠢ᠍ᠩᠭ᠋ᠠᠳᠬᠠᠬᠤ ᠬᠡᠷᠡᠭ᠍ᠲᠡᠢ᠃ ᠡᠯ᠎ᠠ ᠬᠠᠷᠢ᠍ᠭᠤᠴᠠᠯᠭᠠᠳ᠋ᠤ ᠪᠠᠢ᠌ᠭᠤᠯᠭ᠎ᠠ ᠶᠢᠨ ᠬᠢᠨ ᠨᠢ᠍ᠭᠲᠠ ᠬᠠᠮᠵᠢ᠍ᠯᠴᠠᠨ᠂ ᠭᠤᠤᠯ ᠴᠤᠭᠴᠠ ᠶᠢᠨ ᠬᠠᠷᠢ᠍ᠭᠤᠴᠠᠯᠭ᠎ᠠ ᠪᠠᠨ ᠤᠯᠠᠮ ᠨᠢ᠍ᠭᠡ ᠠᠯᠬᠤᠮ ᠨᠠᠢ᠌ᠳ᠋ᠠᠪᠤᠷᠢ᠍ᠵᠢ᠍ᠭᠤᠯᠵᠤ᠂ ᠬᠠᠤᠯᠢ ᠬᠡᠷᠡᠭ᠍ᠵᠢ᠍ᠬᠦᠯᠬᠦ ᠡᠩᠨᠡᠭᠡᠨ ᠦ ᠪᠠᠢ᠌ᠭᠤᠯᠤᠯᠳ᠋ᠠ ᠶᠢ ᠴᠢ᠍ᠩᠭ᠋ᠠᠳᠬᠠᠨ᠂ ᠬᠠᠤᠯᠢ ᠬᠡᠷᠡᠭ᠍ᠵᠢ᠍ᠬᠦᠯᠬᠦ ᠠᠵᠢ᠍ᠯᠳ᠋ᠠᠨ ᠤ ᠬᠠᠤᠯᠢ ᠴᠠᠭᠠᠵᠠ ᠬᠠᠤᠯᠢ ᠳᠦ᠋ᠷᠢ᠍ᠮ ᠦᠨ ᠦᠵᠡᠯ ᠤᠬᠠᠮᠰᠠᠷ ᠪᠤᠯᠤᠨ ᠴᠢ᠍ᠳ᠋ᠠᠪᠤᠷᠢ ᠶᠢ ᠲᠠᠰᠤᠷᠠᠯᠲᠠ ᠦᠭᠡᠶ ᠳᠡᠭᠡᠭ᠍ᠰᠢ᠍ᠯᠡᠬᠦᠯᠵᠦ᠂ ᠡᠬᠢ ᠡᠭᠦᠰᠦᠯ ᠢ ᠨᠢ ᠰᠠᠢ᠌ᠳ᠋ᠤᠷ ᠡᠵᠡᠮᠳ᠋ᠡᠨ᠂ ᠡᠮ ᠦᠨ ᠭᠦᠢ᠍ᠯᠭᠡᠭᠡᠨ ᠦ ᠭᠤᠭᠴᠤᠭ᠎ᠠ ᠶᠢ ᠭᠤᠤᠯᠳ᠋ᠠᠯᠭ᠎ᠠ ᠲᠡᠶ ᠬᠠᠮᠢ᠍ᠶᠠᠷᠴᠤ ᠡᠵᠡᠮᠳ᠋ᠡᠨ᠂ ᠡᠳ᠋ᠦᠷ ᠲᠤᠲᠤᠮ ᠤᠨ ᠬᠢᠨᠠᠯᠲᠠ ᠶᠢ ᠴᠢ᠍ᠩᠭ᠋ᠠᠳᠬᠠᠵᠤ᠂ ᠰᠤᠭᠤᠯᠤᠨ ᠪᠠᠢ᠌ᠴᠠᠭᠠᠬᠤ ᠡᠷᠴᠢ᠍ᠮ ᠵᠢᠠᠨ ᠴᠢ᠍ᠩᠭ᠋ᠠᠷᠠᠭᠤᠯᠤᠨ᠂ ᠤᠯᠡᠮ ᠨᠡᠢ᠌ᠲᠡ ᠶᠢᠨ ᠡᠮ ᠬᠡᠷᠡᠭᠯᠡᠬᠦ ᠠᠮᠤᠷ ᠲᠦ᠋ᠪᠰᠢ᠍ᠨ ᠢ ᠪᠠᠲᠤᠯᠠᠬᠤ ᠬᠡᠷᠡᠭ᠍ᠲᠡᠢ ᠭᠡᠵᠡᠢ᠃ (ᠳᠠᠯᠠᠢ)

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠪᠦᠬᠦ ᠺᠠᠲᠷ ᠠᠵᠢ᠍ᠯᠲᠠᠨ ᠤ ᠶᠡᠭᠡ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢ᠍ᠯᠴᠠᠬᠤ ᠠᠵᠢ᠍ᠯ ᠤᠨ ᠵᠦ᠋ᠪᠯᠡᠯ ᠪᠦᠬᠦ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠲᠦ᠋ᠷᠦᠯ ᠵᠦ᠋ᠢ᠍ᠯ ᠤᠨ ᠠᠵᠢ᠍ᠯ ᠢ ᠬᠢᠨᠠᠨ ᠪᠠᠢ᠌ᠴᠠᠭᠠᠭᠰᠠᠨ