ᠤᠳᠤ ᠶᠢᠨ ᠪᠠᠢ᠌ᠷᠢ᠄ ᠴᠢᠬᠤᠯᠠ ᠮᠡᠳᠡᠭᠡ → ᠲᠦᠩᠯᠢᠶᠤᠤ ᠬᠤᠳ᠋ᠠ ᠶᠢᠨ ᠬᠢᠨᠠᠨ ᠪᠠᠢ᠌ᠴᠠᠭᠠᠬᠤ᠁
ᠲᠦᠩᠯᠢᠶᠤᠤ ᠬᠤᠳ᠋ᠠ ᠶᠢᠨ ᠬᠢᠨᠠᠨ ᠪᠠᠢ᠌ᠴᠠᠭᠠᠬᠤ ᠲᠤᠭᠤᠢ᠌ᠯᠠᠩ ᠮᠠᠨ ᠤ ᠬᠤᠰᠢ᠍ᠭᠤᠨ ᠳ᠋ᠦ ᠢᠷᠡᠵᠦ ᠠᠵᠢ᠍ᠯ ᠬᠢᠨᠠᠨ ᠪᠠᠢ᠌ᠴᠠᠭᠠᠪᠠ

               

             11ᠰᠠᠷ᠎ᠠ ᠶᠢᠨ9 ᠊ᠤ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢ᠍ᠯᠴᠠᠬᠤ ᠠᠵᠢ᠍ᠯ ᠤᠨ ᠵᠦ᠋ᠪᠯᠡᠯ ᠦᠨ ᠡᠷᠬᠢᠯᠡᠭ᠍ᠴᠢ ᠡᠾᠸ ᠢᠦᠢ ᠯᠠᠨ ᠬᠤᠳ᠋ᠠ ᠶᠢᠨ ᠨᠠᠮ ᠤᠨ ᠬᠤᠷᠢ᠍ᠶᠠᠨ ᠤ ᠬᠢᠨᠠᠨ ᠪᠠᠢ᠌ᠴᠠᠭᠠᠬᠤ ᠲᠤᠭᠤᠢ᠌ᠯᠠᠩ ᠢ ᠳᠠᠭᠠᠭᠤᠯᠤᠨ ᠮᠠᠨ ᠤ ᠬᠤᠰᠢ᠍ᠭᠤᠨ ᠳ᠋ᠦ ᠢᠷᠡᠵᠦ᠂《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶᠠᠨ ᠤ ᠨᠠᠮ ᠤᠨ ᠤᠳ᠋ᠤᠷᠢ᠍ᠳ᠋ᠤᠯᠭ᠎ᠠ ᠶᠢ ᠤᠯᠠᠮ ᠨᠢ᠍ᠭᠡ ᠠᠯᠬᠤᠮ ᠴᠢ᠍ᠩᠭ᠋ᠠᠳᠬᠠᠨ ᠰᠢ᠍ᠨ᠎ᠠ ᠴᠠᠭ ᠦᠶ᠎ᠠ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯ ᠢ ᠰᠠᠢ᠌ᠳ᠋ᠤᠷ ᠬᠢᠬᠦ ᠲᠤᠬᠠᠢ ᠰᠠᠨᠠᠯ》᠎᠊ᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠤᠭᠰᠠᠨ ᠪᠠᠢ᠌ᠳ᠋ᠠᠯ ᠢ ᠬᠢᠨᠠᠨ ᠪᠠᠢ᠌ᠴᠠᠭᠠᠪᠠ᠃ ᠬᠤᠰᠢ᠍ᠭᠤᠨ ᠨᠠᠮ ᠤᠨ ᠬᠤᠷᠢ᠍ᠶᠠᠨ ᠤ ᠪᠠᠢ᠌ᠩᠭ᠋ᠤ ᠶᠢᠨ ᠬᠡᠰᠢ᠍ᠬᠦᠨ ᠵᠤᠬᠢᠶᠠᠨ ᠪᠠᠢ᠌ᠭᠤᠯᠬᠤ ᠬᠡᠯᠲᠡᠰ ᠦᠨ ᠳᠠᠷᠤᠭ᠎ᠠ ᠵᠠᠩ ᠬᠠᠨ ᠰᠦ᠋ᠩ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠡᠦ ᠰᠢ᠍ᠶᠤᠤ᠂ ᠬᠤᠰᠢ᠍ᠭᠤᠨ ᠳᠡᠳ᠋ ᠳᠠᠷᠤᠭ᠎ᠠ ᠦᠨᠡᠨ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠷᠢ᠍ᠨ ᠪᠢᠴᠢ᠍ᠭ᠌ ᠦᠨ ᠳᠠᠷᠤᠭ᠎ᠠ ᠯᠢ ᠴᠧᠩ ᠭᠦᠸᠸ ᠪᠠᠷ᠎ᠠ ᠪᠤᠯᠤᠨ ᠪᠠᠢ᠌ᠴᠠᠭᠠᠪᠠ᠃

            

            ᠬᠢᠨᠠᠨ ᠪᠠᠢ᠌ᠴᠠᠭᠠᠬᠤ ᠲᠤᠭᠤᠢ᠌ᠯᠠᠩ ᠤᠨ ᠬᠢᠨ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ᠂ ᠮᠠᠨ ᠤ ᠬᠤᠰᠢ᠍ᠭᠤᠨ ᠤ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶᠠᠨ ᠤ ᠨᠠᠮ ᠤᠨ ᠤᠳ᠋ᠤᠷᠢ᠍ᠳ᠋ᠤᠯᠭ᠎ᠠ ᠶᠢ ᠤᠯᠠᠮ ᠨᠢ᠍ᠭᠡ ᠠᠯᠬᠤᠮ ᠴᠢ᠍ᠩᠭ᠋ᠠᠳᠬᠠᠨ ᠰᠢ᠍ᠨ᠎ᠠ ᠴᠠᠭ ᠦᠶ᠎ᠠ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯ ᠢ ᠰᠠᠢ᠌ᠳ᠋ᠤᠷ ᠬᠢᠬᠦ ᠲᠤᠬᠠᠢ ᠰᠠᠨᠠᠯ》᠊ᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠤᠭᠰᠠᠨ ᠪᠠᠢ᠌ᠳ᠋ᠠᠯ ᠤᠨ ᠠᠵᠢ᠍ᠯ ᠤᠨ ᠬᠠᠷᠢ᠍ᠭᠤ ᠮᠡᠳ᠋ᠡᠬᠦᠯᠦᠯᠳ᠋ᠡ ᠶᠢ ᠰᠤᠨᠤᠰᠬᠤ ᠶᠢᠨ ᠬᠠᠮᠳ᠋ᠤ ᠲᠦ᠋ᠰᠦᠪᠯᠡᠨ ᠪᠤᠳ᠋ᠤᠬᠤ ᠶᠢ ᠬᠢᠨᠠᠨ ᠪᠠᠢ᠌ᠴᠠᠭᠠᠬᠤ ᠬᠢᠨᠠᠯᠲᠠ ᠲᠠᠯᠪᠢᠬᠤ ᠰᠢ᠍ᠰᠲ᠋ᠧᠮ ᠦᠨ ᠪᠦᠲᠦᠭᠡᠨ ᠪᠠᠢ᠌ᠭᠤᠯᠤᠯᠲᠠ ᠶᠢᠨ ᠠᠰᠠᠭᠤᠳ᠋ᠠᠯ ᠤᠨ ᠲᠤᠭᠤᠷᠢ᠍ᠨ ᠳ᠋ᠦ ᠭᠦᠨᠵᠡᠭᠡᠢ ᠶᠠᠷᠢ᠍ᠯᠴᠠᠭ᠎ᠠ ᠦᠷᠨᠢᠭᠦᠯᠪᠡ᠃

               

              ᠬᠢᠨᠠᠨ ᠪᠠᠢ᠌ᠴᠠᠭᠠᠬᠤ ᠲᠤᠭᠤᠢ᠌ᠯᠠᠩ ᠤᠨ ᠬᠢᠨ ᠮᠠᠨ ᠤ ᠬᠤᠰᠢ᠍ᠭᠤᠨ ᠤ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶᠠᠨ ᠤ ᠨᠠᠮ ᠤᠨ ᠤᠳ᠋ᠤᠷᠢ᠍ᠳ᠋ᠤᠯᠭ᠎ᠠ ᠶᠢ ᠤᠯᠠᠮ ᠨᠢ᠍ᠭᠡ ᠠᠯᠬᠤᠮ ᠴᠢ᠍ᠩᠭ᠋ᠠᠳᠬᠠᠨ ᠰᠢ᠍ᠨ᠎ᠠ ᠴᠠᠭ ᠦᠶ᠎ᠠ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯ ᠢ ᠰᠠᠢ᠌ᠳ᠋ᠤᠷ ᠬᠢᠬᠦ ᠲᠤᠬᠠᠢ ᠰᠠᠨᠠᠯ》᠊ᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠤᠭᠰᠠᠨ ᠠᠵᠢ᠍ᠯ ᠢ ᠭᠦᠢ᠍ᠴᠡᠳ ᠨᠤᠳ᠋ᠠᠯᠠᠪᠠ᠃

                

               ᠬᠢᠨᠠᠨ ᠪᠠᠢ᠌ᠴᠠᠭᠠᠬᠤ ᠲᠤᠭᠤᠢ᠌ᠯᠠᠩ ᠤᠨ ᠬᠢᠨ ᠱᠠᠭᠠᠷᠳ᠋ᠠᠭᠰᠠᠨ ᠨᠢ᠂ ᠡᠷᠬᠡᠪᠰᠢ《 ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶᠠᠨ ᠤ ᠨᠠᠮ ᠤᠨ ᠤᠳ᠋ᠤᠷᠢ᠍ᠳ᠋ᠤᠯᠭ᠎ᠠ ᠶᠢ ᠤᠯᠠᠮ ᠨᠢ᠍ᠭᠡ ᠠᠯᠬᠤᠮ ᠴᠢ᠍ᠩᠭ᠋ᠠᠳᠬᠠᠨ ᠰᠢ᠍ᠨ᠎ᠠ ᠴᠠᠭ ᠦᠶ᠎ᠠ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯ ᠢ ᠰᠠᠢ᠌ᠳ᠋ᠤᠷ ᠬᠢᠬᠦ ᠲᠤᠬᠠᠢ ᠰᠠᠨᠠᠯ》᠊ᠢ ᠨᠠᠷᠢ᠍ᠨ ᠬᠢᠨᠠᠮᠠᠭᠠᠢ ᠰᠤᠷᠤᠯᠴᠠᠵᠤ᠂ ᠪᠢᠴᠢ᠍ᠭ᠌ ᠮᠠᠲ᠋ᠸᠷᠢ᠍ᠶᠠᠯ ᠤᠨ ᠵᠤᠷᠢ᠍ᠭ ᠰᠠᠨᠠᠭ᠎ᠠ ᠶᠢ ᠭᠦᠨᠵᠡᠭᠡᠢ ᠤᠢ᠌ᠯᠠᠭᠠᠨ᠂《ᠰᠠᠨᠠᠯ》᠊ᠤᠨ ᠪᠦᠬᠦ ᠲᠠᠯ᠎ᠠ ᠪᠡᠷ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠬᠤ ᠶᠢ ᠲᠦ᠋ᠯᠬᠢᠨ ᠠᠬᠢᠭᠤᠯᠬᠤ ᠬᠡᠷᠡᠭ᠍ᠲᠡᠢ᠃ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯ ᠤᠨ ᠭᠤᠤᠯᠳ᠋ᠠᠯᠭ᠎ᠠ ᠪᠠ ᠴᠢᠭ᠍ᠯᠡᠯ ᠢ ᠰᠠᠢ᠌ᠳ᠋ᠤᠷ ᠡᠵᠡᠮᠳ᠋ᠡᠵᠦ᠂ ᠨᠠᠮ ᠤᠨ ᠤᠳ᠋ᠤᠷᠢ᠍ᠳ᠋ᠤᠯᠭ᠎ᠠ ᠶᠢ ᠰᠠᠢ᠌ᠳ᠋ᠤᠷ ᠪᠠᠷᠢ᠍ᠮᠳ᠋ᠠᠯᠠᠨ᠂ ᠲᠦ᠋ᠪ ᠬᠤᠷᠢ᠍ᠶ᠎ᠠ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶ᠎ᠠ ᠪᠠ ᠬᠤᠳ᠋ᠠ ᠶᠢᠨ ᠨᠠᠮ ᠤᠨ ᠬᠤᠷᠢ᠍ᠶᠠᠨ ᠤ ᠴᠢ᠍ᠬᠤᠯᠨ ᠶᠡᠭᠡ ᠰᠢ᠌ᠳᠪᠦᠷᠢ᠍ᠳ᠋ᠦ ᠪᠤᠳ᠋ᠤᠯᠭ᠎ᠠ ᠶᠢᠨ ᠪᠠᠢ᠌ᠷᠢ᠍ᠯᠠᠭᠤᠯᠤᠯᠳ᠋ᠠ ᠵᠢ ᠲᠤᠭᠤᠰᠢ᠍ᠯᠠᠭᠤᠯᠬᠤ ᠠᠵᠢ᠍ᠯ ᠳ᠋ᠦ ᠬᠢᠨᠠᠯᠲᠠ ᠲᠠᠯᠪᠢᠬᠤ ᠠᠵᠢ᠍ᠯ ᠢ ᠴᠢ᠍ᠩᠭ᠋ᠠᠳᠬᠠᠬᠤ ᠬᠡᠷᠡᠭ᠍ᠲᠡᠢ᠃ ᠡᠷᠬᠡᠪᠰᠢ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠲᠦ᠋ᠯᠦᠭᠡᠯᠡᠭ᠍ᠴᠢ᠍ᠳ ᠦᠨ ᠭᠤᠤᠯ ᠴᠤᠭᠴᠠ ᠶᠢᠨ ᠦᠢ᠍ᠯᠡᠳ᠋ᠦᠯ ᠢ ᠪᠠᠳ᠋ᠠᠷᠠᠭᠤᠯᠬᠤ ᠶᠢ ᠴᠢ᠍ᠬᠤᠯᠠᠴᠢ᠍ᠯᠠᠵᠤ᠂ ᠲᠦ᠋ᠯᠦᠭᠡᠯᠡᠭ᠍ᠴᠢ᠍ᠳ ᠦᠨ ᠬᠡᠪ ᠪᠤᠯᠪᠠᠰᠤᠷᠠᠯ ᠢ ᠳᠡᠭᠡᠭ᠍ᠰᠢ᠍ᠯᠡᠬᠦᠯᠬᠦ ᠲᠠᠯ᠎ᠠ ᠪᠡᠷ ᠢᠯᠡᠭᠦᠭᠡᠨ ᠬᠦᠴᠦ ᠤᠷᠤᠭᠤᠯᠤᠨ᠂ ᠲᠦ᠋ᠯᠦᠭᠡᠯᠡᠭ᠍ᠴᠢ᠍ᠳ ᠢ ᠤᠷᠢ᠍ᠨ ᠪᠠᠢ᠌ᠴᠠᠭᠠᠨ ᠰᠤᠳ᠋ᠤᠯᠤᠯᠲᠠ ᠳ᠋ᠦ ᠤᠷᠤᠯᠴᠠᠭᠤᠯᠵᠤ᠂ ᠲᠦ᠋ᠯᠦᠭᠡᠯᠡᠭ᠍ᠴᠢ᠍ᠳ  ᠢ ᠨᠡᠢ᠌ᠭᠡᠮ ᠦᠨ ᠠᠰᠠᠷᠠᠮᠵᠢ ᠶᠢᠨ ᠦᠢ᠍ᠯᠡᠰ ᠲᠤ ᠤᠷᠤᠯᠴᠠᠬᠤ ᠶᠢ ᠬᠦᠳ᠋ᠦᠯᠦᠨ ᠵᠢᠯᠤᠭᠤᠳᠴᠤ᠂《 ᠠᠷᠠᠳ ᠤᠨ ᠲᠦ᠋ᠯᠦᠭᠡᠯᠡᠭ᠍ᠴᠢ᠍ᠳ ᠦᠨ ᠭᠡᠷ ᠪᠦᠯᠢ》ᠵᠢᠨ ᠦᠢ᠍ᠯᠡᠳ᠋ᠦᠯ ᠢ ᠰᠠᠢ᠌ᠳ᠋ᠦᠷ ᠪᠠᠳ᠋ᠠᠷᠠᠭᠤᠯᠤᠨ᠂ ᠲᠦ᠋ᠯᠦᠭᠡᠯᠡᠭ᠍ᠴᠢ᠍ᠳ ᠦᠨ ᠡᠭᠦᠷᠭᠡ ᠲᠤᠰᠢ᠍ᠶᠠᠯ ᠶᠢᠡᠨ ᠭᠦᠢ᠍ᠴᠡᠳᠬᠡᠬᠦ ᠴᠢ᠍ᠳ᠋ᠠᠪᠦᠷᠢ ᠶᠢ ᠤᠯᠠᠮ ᠨᠢ᠍ᠭᠡ ᠠᠯᠬᠤᠮ ᠬᠦᠭ᠍ᠵᠢ᠍ᠭᠡᠬᠦ ᠬᠡᠷᠡᠭ᠍ᠲᠡᠢ᠃ ᠡᠷᠬᠡᠪᠰᠢ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯ ᠤᠨ ᠪᠦᠬᠦᠯᠢ ᠴᠤᠭᠴᠠ ᠶᠢᠨ ᠶᠠᠰᠤ ᠴᠢ᠍ᠨᠠᠷ ᠪᠠ ᠬᠢᠷᠢ ᠲᠦ᠋ᠪᠰᠢ᠍ᠨ ᠢ ᠳᠡᠭᠡᠭ᠍ᠰᠢ᠍ᠯᠡᠬᠦᠯᠬᠦ ᠶᠢ ᠴᠢ᠍ᠬᠤᠯᠠᠴᠢ᠍ᠯᠠᠵᠤ᠂ ᠴᠢ᠍ᠳ᠋ᠠᠪᠦᠷᠢ᠍ᠳ᠋ᠠᠨ ᠲᠤᠳ᠋ᠠᠭᠳ᠋ᠠᠵᠤ ᠪᠠᠢ᠌ᠬᠤ᠂ ᠲᠤᠰᠬᠠᠢ ᠮᠡᠳ᠋ᠡᠯᠭᠡ ᠲᠤᠳ᠋ᠠᠭᠳ᠋ᠠᠵᠤ ᠪᠠᠢ᠌ᠬᠤ ᠵᠡᠷᠭᠡ ᠲᠠᠯ᠎ᠠ ᠪᠡᠷ ᠢᠯᠡᠭᠦᠭᠡᠨ ᠠᠷᠭ᠎ᠠ ᠪᠤᠳ᠋ᠤᠵᠤ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯ ᠤᠨ ᠴᠢ᠍ᠨᠠᠷ ᠴᠢ᠍ᠨᠰᠠᠭ᠎ᠠ ᠶᠢ ᠴᠢ᠍ᠷᠮᠠᠢ᠌ᠨ ᠳᠡᠭᠡᠭ᠍ᠰᠢ᠍ᠯᠡᠬᠦᠯᠬᠦ ᠬᠡᠷᠡᠭ᠍ᠲᠡᠢ᠃ ᠡᠷᠬᠡᠪᠰᠢ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠺᠠᠲᠷ ᠤᠨ ᠬᠡᠪ ᠪᠤᠯᠪᠠᠰᠤᠷᠠᠯ ᠢ ᠳᠡᠭᠡᠭ᠍ᠰᠢ᠍ᠯᠡᠬᠦᠯᠬᠦ ᠶᠢ ᠴᠢ᠍ᠬᠤᠯᠠᠴᠢ᠍ᠯᠠᠵᠤ᠂ ᠪᠤᠯᠪᠠᠰᠤᠷᠠᠯ ᠰᠤᠷᠤᠯᠴᠠᠯᠭ᠎ᠠ ᠪᠤᠯᠤᠨ ᠲᠤᠬᠠᠢ᠌ᠯᠠᠭᠰᠠᠨ ᠠᠵᠢ᠍ᠯ ᠤᠨ ᠰᠤᠯᠢ᠍ᠯᠴᠠᠭ᠎ᠠ ᠶᠢ ᠴᠢ᠍ᠩᠭ᠋ᠠᠳᠬᠠᠨ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯᠳ᠋ᠠᠨ ᠢ ᠦᠨᠳ᠋ᠦᠷ ᠤᠯᠤᠰ ᠲᠦ᠋ᠷᠦ ᠶᠢᠨ ᠬᠡᠪ ᠪᠤᠯᠪᠠᠰᠤᠷᠠᠯ ᠪᠠ ᠴᠢ᠍ᠩᠭ᠎ᠠ ᠲᠤᠬᠠᠢ᠌ᠯᠠᠭᠰᠠᠨ ᠠᠵᠢ᠍ᠯ ᠤᠨ ᠴᠢ᠍ᠳ᠋ᠠᠪᠤᠷᠢ ᠲᠡᠶ ᠪᠤᠯᠭᠠᠨ᠂ ᠰᠢ᠍ᠨ᠎ᠠ ᠴᠠᠭ ᠦᠶ᠎ᠠ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯ ᠤᠨ ᠰᠢ᠍ᠨ᠎ᠠ ᠱᠠᠭᠠᠷᠳ᠋ᠠᠯᠭ᠎ᠠ ᠳ᠋ᠦ ᠵᠤᠬᠢᠴᠠᠭᠤᠯᠬᠤ ᠬᠡᠷᠡᠭ᠍ᠲᠡᠢ ᠭᠡᠵᠡᠢ᠃

              ᠰᠠᠭᠤᠳ᠋ᠠᠯ ᠤᠨ ᠬᠤᠷᠠᠯ ᠤᠨ ᠳᠠᠷᠠᠭ᠎ᠠ᠂ ᠬᠢᠨᠠᠨ ᠪᠠᠢ᠌ᠴᠠᠭᠠᠬᠤ ᠲᠤᠭᠤᠢ᠌ᠯᠠᠩ ᠤᠨ ᠬᠢᠨ ᠰᠢ᠍ᠶᠠᠩᠱᠠᠨ ᠪᠠᠯᠭᠠᠰᠤ᠂ ᠪᠠᠶᠠᠨᠳ᠋ᠠᠯ᠎ᠠ ᠰᠤᠮᠤ ᠵᠡᠷᠭᠡ ᠭᠠᠵᠠᠷ ᠲᠤ ᠬᠦᠷᠴᠦ᠂ ᠮᠠᠨ ᠤ ᠬᠤᠰᠢ᠍ᠭᠤᠨ ᠤ ᠬᠠᠮᠢ᠍ᠶ᠎ᠠ ᠪᠦᠬᠦᠢ ᠠᠵᠢ᠍ᠯ ᠤᠨ ᠪᠠᠢ᠌ᠷᠢ᠍ᠯᠠᠭᠤᠯᠤᠯᠲᠠ ᠲᠤᠭᠤᠰᠢ᠍ᠯᠠᠭᠤᠯᠤᠯᠲᠡ ᠶᠢ ᠪᠤᠳ᠋ᠠᠳ᠋ᠠᠢ ᠭᠠᠵᠠᠷ ᠲᠤ ᠨᠢ ᠬᠢᠨᠠᠨ ᠪᠠᠢ᠌ᠴᠠᠭᠠᠪᠠ᠃ (ᠳᠠᠯᠠᠢ)

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠰᠦ᠋ᠩ ᠯᠢ᠍ᠶᠠᠨ ᠡᠾᠦᠢ᠍ᠢ ᠦᠨᠡᠭᠡᠴᠢ ᠰᠤᠮᠤ ᠳ᠋ᠦ ᠬᠦᠷᠴᠦ ᠠᠵᠢ᠍ᠯ ᠪᠠᠢ᠌ᠴᠠᠭᠠᠨ ᠵᠢᠯᠤᠭᠤᠳᠪᠠ