ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢ᠍ᠯᠴᠠᠬᠤ ᠠᠵᠢ᠍ᠯ ᠤᠨ ᠵᠦ᠋ᠪᠯᠡᠯ ᠪᠦᠬᠦ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠲᠦ᠋ᠷᠦᠯ ᠵᠦ᠋ᠢ᠍ᠯ ᠤᠨ ᠠᠵᠢ᠍ᠯ ᠢ ᠬᠢᠨᠠᠨ ᠪᠠᠢ᠌ᠴᠠᠭᠠᠭᠰᠠᠨ

                   

                  ᠤᠢ᠌ᠷ᠎ᠠ ᠶᠢᠨ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢ᠍ᠯᠴᠠᠬᠤ ᠠᠵᠢ᠍ᠯ ᠤᠨ ᠵᠦ᠋ᠪᠯᠡᠯ ᠪᠦᠬᠦ ᠬᠤᠰᠢ᠍ᠭᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠦ ᠪᠠᠲᠤᠯᠠᠬᠤ ᠲᠦ᠋ᠷᠢ᠍ᠮ ᠦᠨ ᠲᠤᠷᠰᠢ᠍ᠯᠲᠠ ᠶᠢᠨ ᠴᠡᠭ᠌ ᠦᠨ ᠭᠠᠵᠠᠷ ᠤᠷᠤᠨ ᠳ᠋ᠦ ᠬᠦᠷᠴᠦ᠂2020 ᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠲᠦ᠋ᠷᠦᠯ ᠵᠦ᠋ᠢ᠍ᠯ ᠤᠨ ᠠᠵᠢ᠍ᠯ ᠤᠨ ᠠᠬᠢᠴᠠ ᠶᠢᠨ ᠪᠠᠢ᠌ᠳ᠋ᠠᠯ ᠢ ᠲᠤᠬᠠᠢ ᠶᠢᠨ ᠭᠠᠵᠠᠷ ᠲᠤ ᠨᠢ ᠬᠢᠨᠠᠨ ᠪᠠᠢ᠌ᠴᠠᠭᠠᠪᠠ᠃

                    

                  ᠬᠢᠨᠠᠨ ᠪᠠᠢ᠌ᠴᠠᠭᠠᠬᠤ ᠲᠤᠭᠤᠢ᠌ᠯᠠᠩ ᠤᠨ ᠬᠢᠨ ᠱᠠᠭᠠᠷᠳ᠋ᠠᠭᠰᠠᠨ ᠨᠢ᠂ ᠵᠠᠰᠠᠭ ᠤᠨ ᠤᠷᠳ᠋ᠤᠨ ᠵᠢᠴᠢ ᠬᠠᠮᠢ᠍ᠶ᠎ᠠ ᠪᠦᠬᠦᠢ ᠰᠠᠯᠠᠭ᠎ᠠ ᠮᠦ᠋ᠴᠢ᠍ᠷ ᠡᠷᠬᠡᠪᠰᠢ ᠠᠷᠠᠳ ᠲᠦ᠋ᠮᠡᠨ ᠶᠢᠡᠷ ᠭᠤᠤᠯ ᠪᠤᠯᠭᠠᠭᠰᠠᠨ ᠬᠦᠭ᠍ᠵᠢ᠍ᠯᠲᠡ ᠶᠢᠨ ᠦᠵᠡᠯ ᠰᠠᠨᠠᠭ᠎ᠠ ᠶᠢ ᠪᠠᠷᠢ᠍ᠮᠲᠠᠯᠠᠵᠤ᠂ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠦ ᠪᠠᠲᠤᠯᠠᠬᠤ ᠲᠦ᠋ᠷᠢ᠍ᠮ ᠢ ᠲᠦ᠋ᠯᠬᠢᠨ ᠠᠬᠢᠭᠤᠯᠬᠤ ᠶᠢᠨ ᠴᠢ᠍ᠬᠤᠯᠨ ᠴᠢ᠍ᠨᠠᠷ ᠢ ᠭᠦᠨᠵᠡᠭᠡᠢ ᠲᠠᠨᠢᠨ᠂ ᠪᠦᠲᠦᠮᠵᠢ᠍ᠲᠡᠢ ᠠᠷᠭ᠎ᠠ ᠬᠡᠮᠵᠢ᠍ᠶ᠎ᠠ ᠠᠪᠴᠤ᠂ ᠡᠨᠡ ᠵᠢᠯ ᠦᠨ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠲᠦ᠋ᠷᠦᠯ ᠵᠦ᠋ᠢ᠍ᠯ ᠤᠨ ᠡᠯ᠎ᠠ ᠲᠦ᠋ᠷᠦᠯ ᠦᠨ ᠬᠠᠷᠠᠯᠲᠠᠳ᠋ᠤ ᠡᠭᠦᠷᠭᠡ ᠪᠠᠨ ᠲᠤᠭᠳ᠋ᠠᠭᠰᠠᠨ ᠴᠠᠭ ᠲᠤ ᠨᠢ ᠦᠨᠳ᠋ᠦᠷ ᠴᠢ᠍ᠨᠠᠷ ᠴᠢ᠍ᠨᠰᠠᠭ᠎ᠠ ᠲᠡᠶ ᠪᠡᠶᠡᠯᠡᠬᠦᠯᠬᠦ ᠶᠢ ᠪᠦᠬᠦ ᠬᠦᠴᠦᠨ ᠶᠢᠡᠷ ᠵᠢᠠᠨ ᠪᠠᠲᠤᠯᠠᠬᠤ ᠬᠡᠷᠡᠭ᠍ᠲᠡᠢ ᠭᠡᠵᠡᠢ᠃(ᠳᠠᠯᠠᠢ)

                     

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠬᠠᠤᠯᠢ ᠬᠡᠷᠡᠭ᠍ᠵᠢ᠍ᠭᠦᠯᠦᠯᠲᠡ ᠶᠢᠨ ᠪᠠᠢ᠌ᠴᠠᠭᠠᠯᠲᠠ ᠦᠷᠨᠢᠭᠦᠯᠦᠭ᠍ᠰᠡᠨ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠬᠡᠰᠢ᠍ᠬᠦᠨ ᠺᠠᠲᠷ ᠵᠡᠭᠡᠯᠢ ᠭᠤᠳ᠋ᠤᠮᠵᠢ ᠶᠢᠨ ᠴᠠᠰᠤ ᠮᠦ᠋ᠰᠦ ᠶᠢ ᠠᠷᠢ᠍ᠯᠭᠠᠬᠤ ᠠᠵᠢ᠍ᠯᠯᠠᠭ᠎ᠠ ᠦᠷᠨᠢᠭᠦᠯᠦᠭ᠍ᠰᠡᠨ