ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠡᠴᠨ ᠨᠠᠮ ᠤᠨ ᠠᠷᠪᠡ ᠶᠢ᠍ᠰᠦᠳ᠋ᠦᠭᠡᠷ ᠬᠤᠭᠤᠴᠠᠭᠠᠨ ᠤ ᠲᠠᠪᠤᠳ᠋ᠤᠭᠠᠷ ᠪᠦᠬᠦᠳ᠋ᠡ ᠬᠤᠷᠠᠯᠳ᠋ᠤᠭᠠᠨ ᠤ ᠵᠤᠷᠢ᠍ᠭ ᠰᠠᠨᠠᠭ᠎ᠠ ᠶᠢ ᠲᠦ᠋ᠪᠯᠡᠷᠡᠨ ᠰᠤᠷᠤᠯᠴᠠᠭᠰᠠᠨ ᠨᠢ

11ᠰᠠᠷ᠎ᠠ ᠶᠢᠨ13 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠪᠦᠬᠦ ᠺᠠᠲᠷ ᠠᠵᠢ᠍ᠯᠳ᠋ᠠᠨ ᠠᠵᠢ᠍ᠯᠴᠢᠨ ᠶᠢᠡᠨ ᠵᠤᠬᠢᠶᠠᠨ ᠪᠠᠢ᠌ᠭᠤᠯᠵᠤ᠂ ᠨᠠᠮ ᠤᠨ ᠠᠷᠪᠠ ᠶᠢ᠍ᠰᠦᠳ᠋ᠦᠭᠡᠷ ᠬᠤᠭᠤᠴᠠᠭᠠᠨ ᠤ ᠲᠠᠪᠤᠳ᠋ᠤᠭᠠᠷ ᠪᠦᠬᠦᠳ᠋ᠡ ᠬᠤᠷᠠᠯᠳ᠋ᠤᠭᠠᠨ ᠤ ᠵᠤᠷᠢ᠍ᠭ ᠰᠠᠨᠠᠭ᠎ᠠ ᠶᠢ ᠰᠤᠷᠤᠯᠴᠠᠪᠠ᠃ ᠪᠠᠢᠭᠤᠯᠭ᠎ᠠ ᠶᠢᠨ ᠨᠠᠮ ᠤᠨ ᠡᠭᠦᠷ ᠦᠨ ᠱᠦ᠋ᠵᠢ ᠯᠢ ᠴᠸᠩ ᠭᠦᠸᠸ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠳᠠᠭᠠᠭᠤᠯᠤᠨ ᠰᠤᠷᠤᠯᠴᠠᠪᠠ᠃

ᠰᠤᠷᠤᠯᠴᠠᠯᠭ᠎ᠠ ᠶᠢᠨ ᠬᠤᠷᠠᠯ ᠳᠡᠭᠡᠷ᠎ᠠ ᠴᠢ᠍ᠩᠭ᠋ᠠᠳᠬᠠᠭᠰᠠᠨ ᠨᠢ᠂ ᠡᠷᠬᠡᠪᠰᠢ ᠪᠦᠬᠦ ᠲᠠᠯ᠎ᠠ ᠪᠠ ᠪᠠᠢ᠌ᠯᠳ᠋ᠤᠬᠤ ᠪᠤᠳ᠋ᠤᠯᠭ᠎ᠠ ᠶᠢᠨ ᠦᠨᠳ᠋ᠦᠷᠴᠡ ᠡᠴᠨ ᠭᠠᠷᠳ᠋ᠠᠨ᠂ ᠨᠠᠮ ᠤᠨ ᠠᠷᠪᠠ ᠶᠢ᠍ᠰᠦᠳ᠋ᠦᠭᠡᠷ ᠬᠤᠭᠤᠴᠠᠭᠠᠨ ᠤ ᠲᠠᠪᠤᠳ᠋ᠤᠭᠠᠷ ᠪᠦᠬᠦᠳ᠋ᠡ ᠬᠤᠷᠠᠯᠳ᠋ᠤᠭᠠᠨ ᠤ ᠴᠢ᠍ᠬᠤᠯᠨ ᠠᠴᠢ ᠬᠤᠯᠪᠤᠭᠳ᠋ᠠᠯ ᠢ ᠭᠦᠢ᠍ᠴᠡᠳ ᠲᠠᠨᠢᠨ᠂ ᠪᠦᠬᠦᠳ᠋ᠡ ᠬᠤᠷᠠᠯ ᠤᠨ ᠵᠤᠷᠢ᠍ᠭ ᠰᠠᠨᠠᠭᠠᠨ ᠤ ᠪᠤᠳ᠋ᠠᠳ᠋ᠤ ᠴᠢ᠍ᠨᠠᠷ ᠢ ᠤᠨᠤᠪᠴᠢ᠍ᠲᠠᠢ ᠡᠵᠡᠮᠳ᠋ᠡᠬᠦ ᠬᠡᠷᠡᠭ᠍ᠲᠡᠢ᠃ ᠪᠦᠬᠦ ᠨᠠᠮ ᠤᠨ ᠬᠡᠰᠢ᠍ᠬᠦᠨ ᠺᠠᠲᠷ ᠡᠷᠬᠡᠪᠰᠢ ᠨᠠᠮ ᠤᠨ ᠠᠷᠪᠠ ᠶᠢ᠍ᠰᠦᠳ᠋ᠦᠭᠡᠷ ᠬᠤᠭᠤᠴᠠᠭᠠᠨ ᠤ ᠲᠠᠪᠤᠳ᠋ᠤᠭᠠᠷ ᠪᠦᠬᠦᠳ᠋ᠡ ᠬᠤᠷᠠᠯᠳ᠋ᠤᠭᠠᠨ ᠢ ᠰᠤᠷᠤᠯᠴᠠᠬᠤ ᠬᠠᠯᠠᠭᠤᠨ ᠦᠷᠨᠢᠯᠳ᠋ᠡ ᠭᠠᠷᠭᠠᠨ᠂ ᠰᠢ ᠵᠢᠨ ᠫᠢᠩ ᠶᠡᠷᠦᠩᠭᠡᠢ ᠱᠦ᠋ᠵᠢ ᠶᠢᠨ ᠨᠠᠮ ᠤᠨ ᠠᠷᠪᠠ ᠶᠢ᠍ᠰᠦᠳ᠋ᠦᠭᠡᠷ ᠬᠤᠭᠤᠴᠠᠭᠠᠨ ᠤ ᠲᠠᠪᠤᠳ᠋ᠤᠭᠠᠷ ᠪᠦᠬᠦᠳ᠋ᠡ ᠬᠤᠷᠠᠯᠳ᠋ᠤᠭᠠᠨ ᠳᠡᠭᠡᠷᠡᠬᠢ ᠴᠢ᠍ᠬᠤᠯᠨ ᠶᠠᠷᠢ᠍ᠶ᠎ᠠ ᠪᠤᠯᠤᠨ ᠪᠦᠬᠦᠳ᠋ᠡ ᠬᠤᠷᠠᠯ ᠤᠨ ᠵᠤᠷᠢ᠍ᠭ ᠰᠠᠨᠠᠭ᠎ᠠ ᠶᠢ ᠰᠤᠷᠤᠯᠴᠠᠬᠤ ᠶᠢ ᠤᠳ᠋ᠤᠬᠠᠨ ᠤ ᠪᠠ ᠬᠤᠢ᠌ᠰᠢ᠍ᠳ᠋ᠡ ᠶᠢᠨ ᠨᠢ᠍ᠭᠡ ᠬᠤᠭᠤᠴᠠᠭᠠᠨ ᠤ ᠴᠢ᠍ᠬᠤᠯᠨ ᠤᠯᠤᠰ ᠲᠦ᠋ᠷᠦ ᠶᠢᠨ ᠡᠭᠦᠷᠭᠡ ᠪᠤᠯᠭᠠᠵᠤ᠂ ᠪᠦᠬᠦᠳ᠋ᠡ ᠬᠤᠷᠠᠯ ᠤᠨ ᠵᠤᠷᠢ᠍ᠭ ᠰᠠᠨᠠᠭ᠎ᠠ ᠶᠢ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯ ᠳ᠋ᠦ ᠢᠮᠠᠭᠲᠠ ᠲᠤᠭᠤᠰᠢ᠍ᠯᠠᠭᠤᠯᠤᠨ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠭᠤᠯᠭ᠎ᠠ ᠶᠢᠨ ᠡᠯ᠎ᠠ ᠠᠵᠢ᠍ᠯ ᠲᠦ᠋ᠷᠦᠯ ᠦᠨ ᠰᠢ᠍ᠨ᠎ᠠ ᠲᠠᠪᠴᠠᠩ ᠳ᠋ᠦ ᠭᠠᠷᠬᠤ ᠶᠢ ᠲᠠᠰᠤᠷᠠᠯᠲᠠ ᠦᠭᠡᠶ ᠲᠦ᠋ᠯᠬᠢᠨ ᠠᠬᠢᠭᠤᠯᠬᠤ ᠬᠡᠷᠡᠭ᠍ᠲᠡᠢ ᠭᠡᠵᠡᠢ᠃

ᠬᠤᠷᠠᠯ ᠳᠡᠭᠡᠷ᠎ᠠ ᠪᠠᠰᠠ ᠨᠢ᠍ᠭᠤᠴᠠ ᠶᠢ ᠬᠠᠮᠠᠭᠠᠯᠠᠬᠤ ᠠᠵᠢ᠍ᠯ ᠤᠨ ᠤᠬᠠᠭᠤᠯᠭ᠎ᠠ ᠶᠢᠨ ᠫᠢᠯᠢ᠍ᠮ ᠢ ᠦᠵᠡᠵᠡᠭᠡᠪᠡ᠃ (ᠳᠠᠯᠠᠢ)