ᠤᠳᠤ ᠶᠢᠨ ᠪᠠᠢ᠌ᠷᠢ᠄ ᠴᠢᠬᠤᠯᠠ ᠮᠡᠳᠡᠭᠡ → ᠠᠷᠪᠠᠨ ᠬᠤᠶᠠᠳ᠋ᠤᠭᠠᠷ ᠬᠤᠭᠤᠴᠠᠭᠠᠨ ᠤ ᠬᠤᠰᠢ᠍ᠭᠤᠨ ᠤ᠁
ᠠᠷᠪᠠᠨ ᠬᠤᠶᠠᠳ᠋ᠤᠭᠠᠷ ᠬᠤᠭᠤᠴᠠᠭᠠᠨ ᠤ ᠬᠤᠰᠢ᠍ᠭᠤᠨ ᠤ ᠨᠢ᠋ᠮᠠᠳ᠋ᠤᠭᠠᠷ ᠡᠭᠡᠯᠵᠢ ᠶᠢᠨ ᠴᠠᠭᠳ᠋ᠠᠨ ᠪᠠᠢ᠌ᠴᠠᠭᠠᠬᠤ ᠭᠤᠷᠪᠠᠳ᠋ᠤᠭᠠᠷ ᠴᠠᠭᠳ᠋ᠠᠨ ᠪᠠᠢ᠌ᠴᠠᠭᠠᠬᠤ ᠲᠤᠭᠤᠢ᠌ᠯᠠᠩ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠳ᠋ᠦ ᠰᠠᠭᠤᠨ ᠴᠠᠭᠳ᠋ᠠᠨ ᠪᠠᠢ᠌ᠴᠠᠭᠠᠯᠲᠠ ᠶᠢᠨ ᠠᠵᠢ᠍ᠯ ᠦᠷᠨᠢᠭᠦᠯᠦᠭ᠍ᠰᠡᠨ

               

              ᠬᠤᠰᠢ᠍ᠭᠤᠨ ᠤ ᠨᠠᠮ ᠤᠨ ᠬᠤᠷᠢ᠍ᠶᠠᠨ ᠤ ᠨᠢ᠍ᠭᠡᠲᠦᠯᠲᠡᠢ ᠪᠠᠢ᠌ᠷᠢ᠍ᠯᠠᠭᠤᠯᠤᠯᠲᠠ ᠪᠡᠷ᠂11 ᠰᠠᠷ᠎ᠠ ᠶᠢᠨ16 ᠊ᠤ ᠡᠳ᠋ᠦᠷ᠂ ᠬᠤᠰᠢ᠍ᠭᠤᠨ ᠤ ᠨᠠᠮ ᠤᠨ ᠬᠤᠷᠢ᠍ᠶᠠᠨ ᠤ ᠭᠤᠷᠪᠠᠳ᠋ᠤᠭᠠᠷ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠬᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠠᠵᠢ᠍ᠯ ᠢ ᠴᠠᠭᠳ᠋ᠠᠨ ᠪᠠᠢ᠌ᠴᠠᠭᠠᠬᠤ ᠲᠠᠢ᠌ᠴᠢ᠍ᠯᠠᠯᠲᠠ ᠶᠢᠨ ᠬᠤᠷᠠᠯ ᠬᠤᠷᠠᠯᠳ᠋ᠤᠭᠤᠯᠪᠠ᠃ ᠬᠤᠰᠢ᠍ᠭᠤᠨ ᠤ ᠨᠠᠮ ᠤᠨ ᠬᠤᠷᠢ᠍ᠶᠠᠨ ᠤ ᠴᠠᠭᠳ᠋ᠠᠨ ᠪᠠᠢ᠌ᠴᠠᠭᠠᠬᠤ ᠠᠵᠢ᠍ᠯ ᠤᠨ ᠤᠳ᠋ᠤᠷᠢ᠍ᠳᠬᠤ ᠪᠠᠭ᠎ᠠ ᠲᠤᠭᠤᠢ᠌ᠯᠠᠩ ᠤᠨ ᠭᠡᠰᠢ᠍ᠬᠦᠨ ᠪᠤᠤ ᠯᠢ ᠵᠢᠶ‍ᠦᠢ᠍ᠨ᠂ ᠬᠤᠰᠢ᠍ᠭᠤᠨ ᠤ ᠨᠠᠮ ᠤᠨ ᠬᠤᠷᠢ᠍ᠶᠠᠨ ᠤ ᠭᠤᠷᠪᠠᠳ᠋ᠤᠭᠠᠷ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠳᠠᠷᠤᠭ᠎ᠠ ᠰᠦ᠋ᠨ ᠳ᠋ᠧ ᡁᠢ᠂ ᠲᠤᠭᠤᠢ᠌ᠯᠠᠩ ᠤᠨ ᠳᠡᠳ᠋ ᠳᠠᠷᠤᠭ᠎ᠠ ᠹᠸᠩ ᠮᠸᠢ ᠳᠠᠢ᠌ᠴᠢ᠍ᠯᠠᠯᠲᠠ ᠶᠢᠨ ᠬᠤᠷᠠᠯ ᠳ᠋ᠦ ᠰᠠᠭᠠᠲᠠᠪᠠ᠃

                

                

             ᠳᠠᠢ᠌ᠴᠢ᠍ᠯᠠᠯᠲᠠ ᠶᠢᠨ ᠬᠤᠷᠠᠯ ᠡᠴᠨ ᠡᠮᠦᠨ᠎ᠠ᠂ ᠬᠤᠰᠢ᠍ᠭᠤᠨ ᠤ ᠨᠠᠮ ᠤᠨ ᠬᠤᠷᠢ᠍ᠶᠠᠨ ᠤ ᠴᠠᠭᠳ᠋ᠠᠨ ᠪᠠᠢ᠌ᠴᠠᠭᠠᠬᠤ ᠠᠵᠢ᠍ᠯ ᠤᠨ ᠤᠳ᠋ᠤᠷᠢ᠍ᠳᠬᠤ ᠪᠠᠭ᠎ᠠ ᠲᠤᠭᠤᠢ᠌ᠯᠠᠩ ᠤᠨ ᠭᠡᠰᠢ᠍ᠬᠦᠨ ᠪᠤᠤ ᠯᠢ ᠵᠢᠶ‍ᠦᠢ᠍ᠨ ᠨᠦ᠋ᠬᠦᠷ ᠡᠴᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ ᠯᠢ ᠴᠧᠩ ᠭᠦᠸᠸ ᠨᠦ᠋ᠭᠦᠷ ᠲᠡᠶ ᠴᠠᠭᠳ᠋ᠠᠨ ᠪᠠᠢ᠌ᠴᠠᠭᠠᠬᠤ ᠠᠵᠢ᠍ᠯ ᠤᠨ ᠬᠠᠮᠢ᠍ᠶ᠎ᠠ ᠪᠦᠬᠦᠢ ᠶᠠᠪᠤᠳ᠋ᠠᠯ ᠤᠨ ᠲᠤᠬᠠᠢ ᠠᠭᠤᠯᠵᠠᠨ ᠨᠡᠪᠲᠡᠷᠡᠯᠴᠡᠬᠦ ᠬᠤᠷᠠᠯ ᠬᠤᠷᠠᠯᠳ᠋ᠤᠭᠤᠯᠪᠠ᠃ ᠬᠤᠷᠠᠯ ᠡᠴᠨ ᠠᠷᠪᠠ ᠶᠢ᠍ᠰᠦᠳ᠋ᠦᠭᠡᠷ ᠬᠤᠭᠤᠴᠠᠭᠠᠨ ᠤ ᠲᠦ᠋ᠪ ᠬᠤᠷᠢ᠍ᠶᠠᠨ ᠤ ᠵᠢᠷᠭᠤᠳ᠋ᠤᠭᠠᠷ ᠡᠭᠡᠯᠵᠢ ᠶᠢᠨ ᠴᠠᠭᠳ᠋ᠠᠨ ᠦᠵᠡᠬᠦ ᠳᠠᠢ᠌ᠴᠢ᠍ᠯᠠᠯᠲᠠ ᠶᠢᠨ ᠪᠠᠢ᠌ᠷᠢ᠍ᠯᠠᠭᠤᠯᠤᠯᠲᠠ ᠶᠢᠨ ᠬᠤᠷᠠᠯ ᠤᠨ ᠵᠤᠷᠢ᠍ᠭ ᠰᠠᠨᠠᠭ᠎ᠠ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶ᠎ᠠ᠂ ᠲᠦ᠋ᠩᠯᠢ᠍ᠶ‍ᠣᠣ ᠬᠤᠳ᠋ᠠ ᠶᠢᠨ ᠨᠠᠮ ᠤᠨ ᠬᠤᠷᠢ᠍ᠶ᠎ᠠ ᠪᠠ ᠬᠤᠰᠢ᠍ᠭᠤᠨ ᠤ ᠨᠠᠮ ᠤᠨ ᠬᠤᠷᠢ᠍ᠶᠠᠨ ᠤ ᠴᠠᠭᠳ᠋ᠠᠨ ᠦᠵᠡᠵᠦ ᠴᠠᠭᠳ᠋ᠠᠨ ᠪᠠᠢ᠌ᠴᠠᠭᠠᠬᠤ ᠠᠵᠢ᠍ᠯ ᠤᠨ ᠲᠤᠬᠠᠢ ᠱᠠᠭᠠᠷᠳ᠋ᠠᠯᠭ᠎ᠠ ᠶᠢ ᠤᠯᠠᠮᠵᠢ᠍ᠯᠠᠪᠠ᠃

                 

              ᠳᠠᠢ᠌ᠴᠢ᠍ᠯᠠᠯᠲᠠ ᠶᠢᠨ ᠬᠤᠷᠠᠯ ᠳᠡᠭᠡᠷ᠎ᠠ᠂ ᠬᠤᠰᠢ᠍ᠭᠤᠨ ᠤ ᠨᠠᠮ ᠤᠨ ᠬᠤᠷᠢ᠍ᠶᠠᠨ ᠤ ᠭᠤᠷᠪᠠᠳ᠋ᠤᠭᠠᠷ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠳᠠᠷᠤᠭ᠎ᠠ ᠰᠦ᠋ᠨ ᠳ᠋ᠧ ᡁᠢ ᠨᠦ᠋ᠭᠦᠷ ᠡᠴᠨ ᠲᠤᠰ ᠤᠳ᠋ᠠᠭᠠᠨ ᠤ ᠴᠠᠭᠳ᠋ᠠᠨ ᠪᠠᠢ᠌ᠴᠠᠭᠠᠬᠤ ᠶᠡᠷᠦᠩᠭᠡᠢ ᠱᠠᠭᠠᠷᠳ᠋ᠠᠯᠭ᠎ᠠ᠂ ᠴᠠᠭᠳ᠋ᠠᠨ ᠪᠠᠢ᠌ᠴᠠᠭᠠᠬᠤ ᠡᠳ᠋ᠡᠭᠡᠳ ᠪᠠ ᠭᠤᠤᠯ ᠡᠭᠦᠷᠭᠡ ᠶᠢ ᠲᠤᠳ᠋ᠤᠷᠬᠠᠢ᠌ᠯᠠᠬᠤ ᠶᠢᠨ ᠬᠠᠮᠳ᠋ᠤ ᠴᠠᠭᠳ᠋ᠠᠨ ᠪᠠᠢ᠌ᠴᠠᠭᠠᠬᠤ ᠶᠡᠷᠦᠩᠭᠡᠢ ᠪᠠᠢ᠌ᠷᠢ᠍ᠯᠠᠭᠤᠯᠤᠯᠲᠠ᠂ ᠠᠵᠢ᠍ᠯ ᠤᠨ ᠶᠠᠪᠤᠴᠠ ᠪᠤᠯᠤᠨ ᠠᠷᠭ᠎ᠠ ᠬᠡᠯᠪᠡᠷᠢ ᠶᠢᠨ ᠲᠠᠯ᠎ᠠ ᠪᠡᠷ ᠪᠤᠳ᠋ᠠᠳ᠋ᠠᠢ ᠪᠠᠢᠷᠢᠯᠠᠭᠤᠯᠵᠤ ᠴᠢ᠍ᠩᠭ᠋ᠠᠳᠬᠠᠭᠰᠠᠨ ᠨᠢ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠤᠳ᠋ᠤᠷᠢ᠍ᠳᠬᠤ ᠪᠠᠭ ᠪᠠ ᠨᠠᠮ ᠤᠨ ᠬᠡᠰᠢ᠍ᠬᠦᠨ ᠺᠠᠲᠷ ᠡᠷᠬᠡᠪᠰᠢ ᠨᠠᠮ ᠤᠨ ᠠᠵᠢ᠍ᠯ ᠦᠢ᠍ᠯᠡᠰ ᠲᠤ ᠳᠡᠭᠡᠳ᠋ᠦ ᠬᠡᠮᠵᠢ᠍ᠶ᠎ᠠ ᠪᠡᠷ ᠬᠠᠷᠢ᠍ᠭᠤᠴᠠᠬᠤ ᠤᠪᠤᠷ ᠶᠢᠡᠷ᠂ ᠬᠤᠰᠢ᠍ᠭᠤᠨ ᠤ ᠨᠠᠮ ᠤᠨ ᠬᠤᠷᠢ᠍ᠶᠠᠨ ᠤ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠠᠵᠢ᠍ᠯ  ᠢ ᠢᠳ᠋ᠡᠪᠬᠢᠲᠡᠢ ᠲᠡᠮᠵᠢ᠍ᠨ ᠬᠠᠮᠵᠢ᠍ᠯᠴᠠᠵᠤ᠂ ᠲᠤᠰ ᠤᠳ᠋ᠠᠭᠠᠨ ᠤ ᠴᠠᠭᠳ᠋ᠠᠨ ᠪᠠᠢ᠌ᠴᠠᠭᠠᠯᠲᠠ ᠶᠢᠨ ᠠᠵᠢ᠍ᠯ ᠤᠨ ᠡᠭᠦᠷᠭᠡ ᠶᠢᠨ ᠪᠤᠳ᠋ᠠᠳ᠋ᠤ ᠠᠮᠵᠢ᠍ᠯᠲᠠ ᠤᠯᠬᠤ ᠶᠢ ᠪᠠᠲᠤᠯᠠᠬᠤ ᠬᠡᠷᠡᠭ᠍ᠲᠡᠢ᠃ ᠨᠢ᠍ᠭᠡ ᠳ᠋ᠦ᠂ ᠡᠷᠬᠡᠪᠰᠢ ᠤᠯᠤᠰ ᠲᠦ᠋ᠷᠦ ᠶᠢᠨ ᠬᠠᠷᠢ᠍ᠭᠤᠴᠠᠯᠭ᠎ᠠ ᠪᠠᠨ ᠴᠢ᠍ᠩᠭ᠋ᠠᠳᠬᠠᠬᠤ ᠬᠡᠷᠡᠭ᠍ᠲᠡᠢ᠃ ᠬᠤᠶᠠᠷ ᠲᠤ ᠡᠷᠬᠡᠪᠰᠢ ᠬᠠᠪᠰᠤᠷᠤᠨ ᠬᠠᠮᠵᠢ᠍ᠯᠴᠠᠬᠤ ᠪᠠᠨ ᠴᠢ᠍ᠩᠭ᠋ᠠᠳᠬᠠᠬᠤ ᠬᠡᠷᠡᠭ᠍ᠲᠡᠢ᠃ ᠭᠤᠷᠪᠠ ᠳ᠋ᠦ ᠡᠷᠬᠡᠪᠰᠢ ᠰᠠᠬᠢᠯᠭ᠎ᠠ ᠪᠠᠳ᠋ᠦ ᠶᠢᠨ ᠱᠠᠭᠠᠷᠳ᠋ᠠᠯᠭ᠎ᠠ ᠪᠠᠨ ᠴᠢ᠍ᠩᠭ᠋ᠠᠳᠬᠠᠬᠤ ᠬᠡᠷᠡᠭ᠍ᠲᠡᠢ ᠭᠡᠵᠡᠢ᠃

                 

                ᠬᠤᠰᠢ᠍ᠭᠤᠨ ᠤ ᠨᠠᠮ ᠤᠨ ᠬᠤᠷᠢ᠍ᠶᠠᠨ ᠤ ᠴᠠᠭᠳ᠋ᠠᠨ ᠪᠠᠢ᠌ᠴᠠᠭᠠᠬᠤ ᠠᠵᠢ᠍ᠯ ᠤᠨ ᠤᠳ᠋ᠤᠷᠢ᠍ᠳᠬᠤ ᠪᠠᠭ᠎ᠠ ᠲᠤᠭᠤᠢ᠌ᠯᠠᠩ ᠤᠨ ᠭᠡᠰᠢ᠍ᠬᠦᠨ ᠪᠤᠤ ᠯᠢ ᠵᠢᠶ‍ᠦᠢ᠍ᠨ ᠨᠦ᠋ᠭᠦᠷ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠵᠢᠴᠢ ᠨᠠᠮ ᠤᠨ ᠭᠡᠰᠢ᠍ᠬᠦᠨ ᠺᠠᠲᠷ ᠢ ᠱᠠᠭᠠᠷᠳ᠋ᠠᠭᠰᠠᠨ ᠨᠢ᠂ ᠨᠢ᠍ᠭᠡ ᠳ᠋ᠦ ᠡᠷᠬᠡᠪᠰᠢ ᠴᠠᠭᠳ᠋ᠠᠨ ᠪᠠᠢ᠌ᠴᠠᠭᠠᠬᠤ ᠠᠵᠢ᠍ᠯ ᠢ ᠪᠦᠬᠦ ᠬᠦᠴᠦᠨ ᠶᠢᠡᠷ ᠵᠢᠠᠨ ᠳᠡᠮᠵᠢ᠍ᠬᠦ ᠬᠡᠷᠡᠭ᠍ᠲᠡᠢ᠃ ᠲᠤᠰ ᠤᠳ᠋ᠠᠭᠠᠨ ᠤ ᠴᠠᠭᠳ᠋ᠠᠨ ᠪᠠᠢ᠌ᠴᠠᠭᠠᠬᠤ ᠡᠭᠦᠷᠭᠡ ᠶᠢᠨ ᠱᠠᠭᠠᠷᠳ᠋ᠠᠯᠭ᠎ᠠ ᠶᠤᠰᠤᠭᠠᠷ᠂ ᠤᠬᠠᠮᠰᠠᠷ ᠡᠴᠨ ᠪᠠᠨ ᠦᠨᠡᠨᠴᠢ ᠪᠡᠷ ᠴᠠᠭᠳ᠋ᠠᠨ ᠪᠠᠢ᠌ᠴᠠᠭᠠᠯᠲᠠ ᠶᠢ ᠬᠦᠯᠢ᠍ᠶᠠᠨ᠂ ᠢᠳ᠋ᠡᠪᠬᠢᠲᠡᠢ ᠬᠠᠪᠰᠦᠷᠦᠨ ᠳᠡᠮᠵᠢ᠍ᠵᠦ᠂ ᠠᠰᠠᠭᠤᠳ᠋ᠠᠯ ᠶᠢᠡᠨ ᠨᠢ᠍ᠭᠤᠬᠤ ᠦᠭᠡᠶ᠂ ᠵᠦ᠋ᠷᠢ᠍ᠴᠡᠯ ᠡᠴᠨ ᠵᠠᠢ᠌ᠯᠠᠬᠤ ᠦᠭᠡᠶ᠂ ᠪᠤᠰᠤᠳᠴᠢ ᠲᠦ᠋ᠪ ᠭᠤᠤᠯᠴᠢ ᠪᠡᠷ ᠴᠠᠭᠳ᠋ᠠᠨ ᠪᠠᠢ᠌ᠴᠠᠭᠠᠬᠤ ᠲᠤᠭᠤᠢ᠌ᠯᠠᠩ ᠳ᠋ᠦ ᠪᠠᠢ᠌ᠳ᠋ᠠᠯ ᠶᠢᠡᠨ ᠮᠡᠳ᠋ᠡᠬᠦᠯᠵᠦ᠂ ᠠᠰᠠᠭᠤᠳ᠋ᠠᠯ ᠶᠢᠡᠨ ᠲᠤᠰᠬᠠᠬᠤ ᠬᠡᠷᠡᠭ᠍ᠲᠡᠢ᠃ ᠬᠤᠶᠠᠷ ᠲᠤ ᠡᠷᠬᠡᠪᠰᠢ ᠡᠯ᠎ᠠ ᠲᠠᠯ᠎ᠠ ᠶᠢᠨ ᠬᠠᠮᠵᠢ᠍ᠯᠴᠠᠭ᠎ᠠ ᠶᠢ ᠴᠢ᠍ᠩᠭ᠋ᠠᠳᠬᠠᠬᠤ ᠬᠡᠷᠡᠭ᠍ᠲᠡᠢ᠃ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠡᠷᠬᠡᠪᠰᠢ ᠰᠠᠨᠠᠭᠠᠴᠢ᠍ᠯᠠᠭ᠎ᠠ ᠡᠴᠨ ᠪᠠᠨ ᠬᠤᠰᠢ᠍ᠭᠤᠨ ᠤ ᠨᠠᠮ ᠤᠨ ᠬᠤᠷᠢ᠍ᠶᠠᠨ ᠤ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠠᠵᠢ᠍ᠯ ᠦᠷᠨᠢᠯᠳ᠋ᠡ ᠶᠢ ᠬᠠᠮᠵᠢ᠍ᠯᠴᠠᠨ᠂ ᠲᠤᠰᠢ᠍ᠶᠠᠯ ᠬᠠᠷᠢ᠍ᠭᠤᠴᠠᠯᠭ᠎ᠠ ᠪᠠᠨ ᠨᠠᠷᠢ᠍ᠨ ᠬᠢᠨᠠᠮᠠᠭᠠᠢ ᠭᠦᠢ᠍ᠴᠡᠳᠭᠡᠵᠦ᠂ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠪᠠᠢ᠌ᠭᠤᠯᠭ᠎ᠠ ᠳ᠋ᠦ ᠰᠠᠭᠤᠬᠤ ᠶᠠᠪᠤᠳ᠋ᠠᠯ ᠢ ᠵᠤᠬᠢᠴᠠᠭᠤᠯᠤᠨ ᠲᠤᠬᠢᠷᠠᠭᠤᠯᠵᠦ᠂ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠡᠯ᠎ᠠ ᠲᠦ᠋ᠷᠦᠯ ᠦᠨ ᠠᠵᠢ᠍ᠯ ᠦᠷᠨᠢᠭᠦᠯᠬᠦ ᠶᠢ ᠪᠦᠬᠦ ᠬᠦᠴᠦᠨ ᠶᠢᠡᠷ ᠲᠡᠮᠵᠢ᠍ᠬᠦ ᠬᠡᠷᠡᠭ᠍ᠲᠡᠢ᠃ ᠭᠤᠷᠪᠠ ᠳ᠋ᠦ ᠲᠠᠷᠤᠢ᠌ᠬᠠᠨ ᠬᠡᠷᠡᠭ᠍ᠵᠢ᠍ᠭᠦᠯᠵᠦ ᠳᠠᠷᠤᠢ᠌ᠬᠠᠨ ᠴᠡᠭ᠍ᠴᠡᠯᠡᠨ ᠦᠭᠡᠷᠡᠴᠢ᠍ᠯᠡᠬᠦ ᠶᠢ ᠰᠠᠢ᠌ᠳ᠋ᠦᠷ ᠬᠢᠬᠦ ᠬᠡᠷᠡᠭ᠍ᠲᠡᠢ᠃ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠲᠤᠷᠠᠳ᠋ᠤᠭᠰᠠᠨ ᠳᠠᠷᠤᠢ᠌ᠬᠠᠨ ᠬᠡᠷᠡᠭ᠍ᠵᠢ᠍ᠭᠦᠯᠵᠦ ᠳᠠᠷᠤᠢ᠌ᠬᠠᠨ ᠴᠡᠭ᠍ᠴᠡᠯᠡᠨ ᠦᠭᠡᠷᠡᠴᠢ᠍ᠯᠡᠬᠦ ᠰᠠᠨᠠᠯ ᠢ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠡᠷᠬᠡᠪᠰᠢ ᠳᠡᠭᠡᠲᠦ ᠬᠡᠮᠵᠢ᠍ᠶ᠎ᠠ ᠪᠡᠷ ᠴᠢ᠍ᠬᠤᠯᠠᠴᠢ᠍ᠯᠠᠨ ᠦᠵᠡᠵᠦ᠂ ᠴᠠᠭ ᠲᠤᠬᠠᠢ ᠳ᠋ᠦ ᠨᠢ ᠪᠠᠢ᠌ᠴᠠᠭᠠᠨ ᠰᠤᠳ᠋ᠤᠯᠵᠤ᠂ ᠨᠠᠷᠢ᠍ᠨ ᠬᠢᠨᠠᠮᠠᠭᠠᠢ ᠴᠡᠭ᠍ᠴᠡᠯᠡᠨ ᠦᠭᠡᠷᠡᠴᠢ᠍ᠯᠡᠬᠦ ᠬᠡᠷᠡᠭ᠍ᠲᠡᠢ ᠭᠡᠵᠡᠢ᠃

                  

               ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠷᠢ᠍ᠨ ᠪᠢᠴᠢ᠍ᠭ᠌ ᠦᠨ ᠳᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠤᠪᠤᠷ ᠶᠢᠡᠨ ᠢᠯᠡᠳᠭᠡᠬᠦ ᠶᠡᠷᠢ᠍ᠶ᠎ᠠ ᠬᠢᠪᠡ᠃ ᠨᠢ᠍ᠭᠡ ᠳ᠋ᠦ ᠦᠵᠡᠯ ᠰᠠᠨᠠᠭ᠎ᠠ ᠪᠠᠨ ᠨᠢ᠍ᠭᠡᠳᠭᠡᠨ᠂ ᠵᠤᠭᠰᠤᠴᠠ ᠪᠠᠨ ᠲᠡᠭᠡᠭ᠍ᠰᠢ᠍ᠯᠡᠭᠦᠯᠦᠨ᠎ᠠ᠃ ᠤᠯᠤᠰ ᠲᠦ᠋ᠷᠦ ᠶᠢ ᠶᠠᠷᠢ᠍ᠵᠤ᠂ ᠬᠠᠷᠢ᠍ᠭᠤᠴᠠᠯᠭ᠎ᠠ ᠡᠭᠦᠷᠭᠡᠯᠡᠬᠦ ᠦᠨᠳ᠋ᠦᠷᠴᠡ ᠡᠴᠨ ᠴᠠᠭᠳ᠋ᠠᠨ ᠪᠠᠢ᠌ᠴᠠᠭᠠᠬᠤ ᠠᠵᠢ᠍ᠯ ᠤᠨ ᠴᠢ᠍ᠬᠤᠯᠨ ᠠᠴᠢ ᠬᠤᠯᠪᠤᠭᠳ᠋ᠠᠯ ᠢ ᠭᠦᠢ᠍ᠴᠡᠳ ᠲᠠᠨᠢᠨ᠂ ᠦᠵᠡᠯ ᠰᠠᠨᠠᠭ᠎ᠠ ᠪᠠ ᠦᠢ᠍ᠯᠡ ᠠᠵᠢ᠍ᠯᠯᠠᠭ᠎ᠠ ᠪᠠᠨ ᠬᠤᠰᠢ᠍ᠭᠤᠨ ᠤ ᠨᠠᠮ ᠤᠨ ᠬᠤᠷᠢ᠍ᠶᠠᠨ ᠤ ᠰᠢ᠌ᠳᠪᠦᠷᠢ᠍ᠳ᠋ᠦ ᠪᠤᠳ᠋ᠤᠯᠭ᠎ᠠ ᠲᠡᠶ ᠨᠢ᠍ᠭᠡᠳ᠋ᠦᠭᠦᠯᠵᠦ᠂ ᠬᠤᠰᠢ᠍ᠭᠤᠨ ᠤ ᠨᠠᠮ ᠤᠨ ᠬᠤᠷᠢ᠍ᠶᠠᠨ ᠤ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠱᠠᠭᠠᠷᠳ᠋ᠠᠯᠭ᠎ᠠ ᠲᠡᠶ ᠨᠢ᠍ᠭᠡᠳ᠋ᠦᠭᠦᠯᠦᠨ᠎ᠠ᠃ ᠬᠤᠶᠠᠷ ᠲᠤ ᠨᠠᠷᠢ᠍ᠯᠢ᠍ᠭ ᠵᠤᠬᠢᠶᠠᠨ ᠪᠠᠢ᠌ᠭᠤᠯᠵᠤ᠂ ᠪᠦᠬᠦ ᠬᠦᠴᠦᠨ ᠶᠢᠡᠷ ᠵᠢᠠᠨ ᠬᠠᠮᠵᠢ᠍ᠯᠴᠠᠨ᠎ᠠ᠃ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠡᠯ᠎ᠠ ᠠᠵᠢ᠍ᠯ ᠤᠨ ᠱᠠᠭᠠᠷᠳ᠋ᠠᠯᠭ᠎ᠠ ᠪᠠᠢ᠌ᠷᠢ᠍ᠯᠠᠭᠤᠯᠤᠯᠲᠠ ᠶᠤᠰᠤᠭᠠᠷ᠂ ᠲᠤᠳ᠋ᠠᠭᠳ᠋ᠠᠯ ᠶᠢᠡᠨ ᠭᠦᠨᠵᠡᠭᠡᠢ ᠡᠷᠢ᠍ᠨ᠂ ᠵᠤᠬᠢᠶᠠᠨ ᠪᠠᠢ᠌ᠭᠤᠯᠵᠤ ᠵᠤᠬᠢᠴᠠᠭᠤᠯᠬᠤ ᠪᠠᠨ ᠴᠢ᠍ᠩᠭ᠋ᠠᠳᠬᠠᠵᠤ᠂ ᠴᠠᠭᠳ᠋ᠠᠨ ᠪᠠᠢ᠌ᠴᠠᠭᠠᠬᠤ ᠶᠢᠨ ᠵᠠᠮ ᠱᠤᠭᠤᠮ ᠢ ᠦᠷᠭᠡᠳᠭᠡᠨ᠂ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠠᠵᠢ᠍ᠯ ᠶᠢᠡᠨ ᠦᠷᠨᠢᠬᠦᠯᠬᠦ ᠳ᠋ᠦ ᠰᠠᠢ᠌ᠨ ᠨᠦ᠋ᠬᠦᠴᠡᠯ ᠡᠭᠦᠳ᠋ᠦᠨ ᠦᠭ᠍ᠬᠦᠨ᠎ᠠ᠃ ᠭᠤᠷᠪᠠ ᠳ᠋ᠦ ᠬᠢᠨᠡᠯᠲᠡ ᠶᠢ ᠬᠦᠯᠢ᠍ᠶᠡᠨ᠂ ᠨᠠᠷᠢ᠍ᠨ ᠬᠢᠨᠠᠮᠠᠭᠠᠢ ᠴᠡᠭ᠍ᠴᠡᠯᠡᠨ ᠦᠭᠡᠷᠡᠴᠢ᠍ᠯᠡᠨ᠎ᠠ᠃ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠬᠢᠨᠠᠯᠲᠠ ᠪᠠ ᠵᠢᠯᠤᠭᠤᠳ᠋ᠤᠯᠭ᠎ᠠ ᠶᠢ ᠢᠳ᠋ᠡᠪᠬᠢᠲᠡᠢ ᠰᠠᠨᠠᠭᠠᠴᠢ᠍ᠯᠠᠭ᠎ᠠ ᠡᠴᠨ ᠪᠠᠨ ᠬᠦᠯᠢ᠍ᠶᠠᠨ ᠠᠪᠴᠤ᠂ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠲᠤᠷᠠᠳ᠋ᠤᠭᠰᠠᠨ ᠰᠠᠨᠠᠯ ᠰᠠᠨᠠᠭᠤᠯᠭ᠎ᠠ ᠶᠢ ᠴᠠᠭ ᠲᠤᠬᠠᠢ ᠳ᠋ᠦ ᠨᠢ ᠬᠦᠯᠢ᠍ᠶᠠᠨ ᠠᠪᠴᠤ ᠴᠡᠭ᠍ᠴᠡᠯᠡᠨ ᠦᠭᠡᠷᠡᠴᠢ᠍ᠯᠡᠬᠦ ᠲᠦ᠋ᠰᠦᠯ ᠲᠤᠭᠳ᠋ᠠᠭᠠᠨ᠂ ᠴᠡᠭ᠍ᠴᠡᠯᠡᠨ ᠦᠭᠡᠷᠡᠴᠢ᠍ᠯᠡᠬᠦ ᠬᠠᠷᠢ᠍ᠭᠤᠴᠠᠯᠭ᠎ᠠ ᠶᠢ ᠲᠤᠳ᠋ᠤᠳᠬᠠᠵᠦ᠂ ᠨᠠᠷᠢ᠍ᠨ ᠬᠢᠨᠠᠮᠠᠭᠠᠢ ᠴᠡᠭ᠍ᠴᠡᠯᠡᠨ ᠦᠭᠡᠷᠡᠴᠢ᠍ᠯᠡᠨ᠎ᠠ ᠭᠡᠵᠡᠢ᠃ (ᠳᠠᠯᠠᠢ)

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠰᠦ᠋ᠩ ᠯᠢ᠍ᠶᠠᠨ ᠡᠾᠦᠢ᠍ᠢ ᠦᠨᠡᠭᠡᠴᠢ ᠰᠤᠮᠤ ᠳ᠋ᠦ ᠬᠦᠷᠴᠦ ᠠᠵᠢ᠍ᠯ ᠪᠠᠢ᠌ᠴᠠᠭᠠᠨ ᠵᠢᠯᠤᠭᠤᠳᠪᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠤᠳ᠋ᠤᠷᠢ᠍ᠳ᠋ᠤᠯᠭ᠎ᠠ ᠳᠠᠭᠠᠭᠠᠴᠢ᠍ᠯᠠᠭᠰᠠᠨ ᠭᠠᠵᠠᠷ ᠤᠷᠤᠨ ᠳ᠋ᠦ ᠭᠦᠨᠵᠡᠭᠡᠢ᠌ᠷᠡᠨ ᠠᠵᠢ᠍ᠯ ᠬᠢᠨᠠᠨ ᠵᠢᠯᠤᠭᠤᠳ᠋ᠤᠭᠰᠠᠨ