ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠬᠤᠰᠢ᠍ᠭᠤᠨ ᠤ ᠨᠠᠮ ᠤᠨ ᠬᠤᠷᠢ᠍ᠶᠠᠨ ᠤ ᠪᠠᠢ᠌ᠩᠭ᠋ᠤ ᠶᠢᠨ ᠬᠤᠷᠢ᠍ᠶᠠᠨ ᠤ ᠲᠤᠰᠬᠠᠢ ᠰᠡᠳ᠋ᠦᠪᠲᠦ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠡᠴᠨ ᠡᠮᠦᠨᠡᠬᠢ ᠰᠠᠨᠠᠯ ᠬᠤᠷᠢ᠍ᠶᠠᠬᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ

11 ᠰᠠᠷ᠎ᠠ ᠶᠢᠨ17 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠬᠤᠰᠢ᠍ᠭᠤᠨ ᠤ ᠨᠠᠮ ᠤᠨ ᠬᠤᠷᠢ᠍ᠶᠠᠨ ᠤ ᠪᠠᠢ᠌ᠩᠭ᠋ᠤ ᠶᠢᠨ ᠬᠤᠷᠢ᠍ᠶᠠᠨ ᠤ ᠲᠤᠰᠬᠠᠢ ᠰᠡᠳ᠋ᠦᠪᠲᠦ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠡᠴᠨ ᠡᠮᠦᠨᠡᠬᠢ ᠰᠠᠨᠠᠯ ᠬᠤᠷᠢ᠍ᠶᠠᠬᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠡᠦ ᠰᠢ᠍ᠶᠤᠤ᠂ ᠪᠦ᠋ ᠮᠤᠤ ᠰᠢ᠍ᠶᠠᠩ᠂ ᠦᠷᠡᠪᠠᠲᠦ᠂ ᠰᠦ᠋ᠩ ᠯᠢ᠍ᠶᠠᠨ ᠡᠾᠦ᠋ᠢ᠂ ᠨᠠᠷᠢ᠍ᠨ ᠪᠢᠴᠢ᠍ᠭ᠌ ᠦᠨ ᠳᠠᠷᠤᠭ᠎ᠠ ᠯᠢ ᠴᠧᠩ ᠭᠦᠸᠸ ᠵᠢᠴᠢ ᠬᠤᠰᠢ᠍ᠭᠤᠨ ᠤ ᠨᠠᠮ ᠤᠨ ᠬᠤᠷᠢ᠍ᠶᠠᠨ ᠤ ᠵᠤᠬᠢᠶᠠᠨ ᠪᠠᠢ᠌ᠭᠤᠯᠬᠤ ᠬᠡᠯᠲᠡᠰ ᠦᠨ ᠬᠠᠮᠢ᠍ᠶ᠎ᠠ ᠪᠦᠬᠦᠢ ᠨᠦ᠋ᠬᠦᠷ ᠬᠤᠷᠠᠯ ᠳ᠋ᠦ ᠰᠠᠭᠠᠲᠠᠵᠤ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠯ᠎ᠠ ᠠᠵᠢ᠍ᠯ ᠤᠨ ᠵᠦ᠋ᠪᠯᠡᠯ ᠦᠨ ᠬᠠᠷᠢ᠍ᠭᠤᠴᠠᠯᠭᠠᠲᠠᠨ ᠪᠠ ᠬᠡᠰᠡᠭ᠌ ᠬᠤᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠲᠦ᠋ᠯᠦᠭᠡᠯᠡᠭ᠍ᠴᠢ ᠰᠠᠭᠤᠳ᠋ᠠᠯ ᠤᠨ ᠬᠤᠷᠠᠯ ᠳ᠋ᠦ ᠤᠷᠤᠯᠴᠠᠪᠠ᠃


ᠰᠠᠨᠠᠯ ᠬᠤᠷᠢ᠍ᠶᠠᠬᠤ ᠰᠠᠭᠤᠳ᠋ᠠᠯ ᠤᠨ ᠬᠤᠷᠠᠯ ᠳᠡᠭᠡᠷ᠎ᠠ᠂ ᠬᠤᠷᠠᠯ ᠳ᠋ᠦ ᠤᠷᠤᠯᠴᠠᠭᠰᠠᠳ ᠡᠴᠨ ᠠᠵᠢ᠍ᠯ ᠤᠨ ᠪᠤᠳ᠋ᠠᠳ᠋ᠠᠢ ᠲᠡᠶ ᠪᠠᠨ ᠤᠶᠠᠯᠳ᠋ᠤᠭᠤᠯᠤᠨ᠂ ᠦᠨᠳ᠋ᠦᠰᠦᠨ ᠱᠠᠳ᠋ᠤᠨ ᠤ ᠦᠢ᠍ᠯᠡᠳ᠋ᠦᠯᠭᠡ ᠪᠠ ᠠᠵᠢ᠍ᠯ ᠤᠨ ᠭᠤᠤᠯᠳ᠋ᠠᠯᠭ᠎ᠠ ᠤᠨ ᠲᠤᠭᠤᠷᠢ᠍ᠨ ᠳ᠋ᠦ᠂ ᠠᠰᠠᠭᠤᠳ᠋ᠠᠯ ᠢ ᠶᠠᠷᠢ᠍ᠯᠴᠠᠵᠤ᠂ ᠰᠠᠨᠠᠯ ᠲᠤᠷᠠᠳ᠋ᠤᠨ᠂ ᠰᠡᠳᠬᠢᠯ ᠪᠤᠳ᠋ᠤᠯ ᠶᠢᠡᠨ ᠠᠭᠤᠵᠢ᠍ᠷᠠᠲᠠᠯᠠ ᠶᠠᠷᠢ᠍ᠯᠴᠠᠵᠤ᠂ ᠨᠠᠮ ᠤᠨ ᠦᠨᠳ᠋ᠦᠰᠦᠲᠡᠨ ᠦ ᠲᠦ᠋ᠷᠦ ᠶᠢᠨ ᠪᠤᠳ᠋ᠤᠯᠭ᠎ᠠ ᠶᠢ ᠰᠤᠷᠤᠯᠴᠠᠵᠤ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠬᠤ᠂ ᠤᠨᠴᠠᠭᠠᠢ᠌ᠯᠠᠨ ᠰᠢ ᠵᠢᠨ ᠫᠢᠩ ᠶᠡᠷᠦᠩᠬᠡᠢ ᠱᠦ᠋ᠵᠢ ᠶᠢᠨ ᠦᠨᠳ᠋ᠦᠰᠦᠲᠡᠨ ᠦ ᠠᠵᠢ᠍ᠯ ᠂ ᠤᠯᠤᠰ ᠤᠨ ᠨᠡᠢ᠌ᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢ᠍ᠭ᠌ ᠢ ᠳᠡᠯᠭᠡᠷᠡᠭᠦᠯᠦᠨ ᠲᠦ᠋ᠭᠡᠮᠡᠯᠵᠢ᠍ᠬᠦᠯᠬᠦ ᠲᠤᠬᠠᠢ ᠴᠢ᠍ᠬᠤᠯᠨ ᠦᠬᠦᠯᠡᠯᠲᠡ ᠪᠤᠯᠤᠨ ᠨᠠᠮ ᠤᠨ ᠲᠦ᠋ᠪ ᠬᠤᠷᠢ᠍ᠶ᠎ᠠ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶᠠᠨ ᠤ ᠰᠢ᠌ᠳᠪᠦᠷᠢ ᠪᠠᠢ᠌ᠷᠢ᠍ᠯᠠᠭᠤᠯᠤᠯᠲᠠ᠂ ᠲᠤᠮᠳ᠋ᠠᠳ᠋ᠤ ᠶᠢᠨ ᠦᠨᠳ᠋ᠦᠰᠦᠲᠡᠨ ᠦ ᠬᠠᠮᠲᠤ ᠶᠢᠨ ᠴᠤᠭᠴᠠ ᠶᠢᠨ ᠤᠬᠠᠮᠰᠠᠷ ᠢ ᠪᠠᠳ᠋ᠦ ᠪᠡᠬᠢ ᠴᠤᠭᠴᠠᠯᠠᠬᠤ᠂ ᠨᠠᠮ ᠤᠨ ᠲᠦ᠋ᠪ ᠬᠤᠷᠢ᠍ᠶᠠᠨ ᠤ ᠬᠤᠤᠰ ᠬᠡᠯᠡᠨ ᠦ ᠰᠤᠷᠭᠠᠨ ᠬᠦᠮᠦᠵᠢ᠍ᠯ ᠦᠨ ᠦᠭᠡᠷᠡᠴᠢ᠍ᠯᠡᠯᠳ᠋ᠡ ᠶᠢᠨ ᠲᠤᠬᠠᠢ ᠴᠢ᠍ᠬᠤᠯᠨ ᠶᠡᠭᠡ ᠰᠢ᠌ᠳᠪᠦᠷᠢ᠍ᠳ᠋ᠦ ᠪᠠᠢ᠌ᠷᠢ᠍ᠯᠠᠭᠤᠯᠤᠯᠲᠠ ᠶᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠬᠤ ᠵᠢᠴᠢ ᠤᠯᠤᠰ ᠲᠦ᠋ᠷᠦ ᠶᠢᠨ ᠵᠤᠭᠰᠤᠴᠠ᠂ ᠦᠵᠡᠯ ᠰᠠᠨᠠᠭᠠᠨ ᠤ ᠲᠠᠨᠢᠯᠲᠠ᠂ ᠬᠠᠷᠢ᠍ᠭᠤᠴᠠᠯᠭ᠎ᠠ ᠡᠭᠦᠷᠭᠡᠯᠡᠬᠦ᠂ ᠲᠦ᠋ᠷᠦ ᠶᠢᠨ ᠪᠤᠳ᠋ᠤᠯᠭ᠎ᠠ ᠶᠢᠨ ᠤᠬᠠᠭᠤᠯᠭ᠎ᠠ ᠵᠡᠷᠭᠡ ᠲᠠᠯ᠎ᠠ ᠪᠡᠷ ᠬᠤᠰᠢ᠍ᠭᠤᠨ ᠤ ᠨᠠᠮ ᠤᠨ ᠬᠤᠷᠢ᠍ᠶᠠᠨ ᠤ ᠪᠠᠢ᠌ᠩᠭ᠋ᠤ ᠶᠢᠨ ᠬᠤᠷᠢ᠍ᠶ᠎ᠠ ᠳ᠋ᠦ ᠰᠠᠨᠠᠯ ᠰᠠᠨᠠᠭᠤᠯᠭ᠎ᠠ ᠲᠤᠷᠠᠳ᠋ᠤᠪᠠ᠃

ᠬᠤᠷᠠᠯ ᠡᠴᠨ ᠵᠢᠭᠠᠵᠤ ᠭᠠᠷᠭᠠᠭᠰᠠᠨ ᠨᠢ᠂ ᠬᠤᠰᠢ᠍ᠭᠤᠨ ᠤ ᠨᠠᠮ ᠤᠨ ᠬᠤᠷᠢ᠍ᠶᠠᠨ ᠤ ᠪᠠᠢ᠌ᠩᠭ᠋ᠤ ᠶᠢᠨ ᠬᠤᠷᠢ᠍ᠶ᠎ᠠ ᠲᠤᠰ ᠤᠳ᠋ᠠᠭᠠᠨ ᠤ ᠲᠤᠰᠬᠠᠢ ᠰᠡᠳ᠋ᠦᠪᠲᠦ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠢ ᠳᠡᠭᠡᠳ᠋ᠦ ᠬᠡᠮᠵᠢ᠍ᠶ᠎ᠠ ᠪᠡᠷ ᠴᠢ᠍ᠬᠤᠯᠠᠴᠢ᠍ᠯᠠᠨ ᠦᠵᠡᠵᠦ᠂ ᠬᠤᠷᠠᠯ ᠡᠴᠨ ᠡᠮᠤᠨ᠎ᠠ ᠲᠤᠰᠬᠠᠢ᠌ᠯᠠᠨ ᠲᠦ᠋ᠰᠦᠯ ᠲᠤᠭᠳ᠋ᠠᠭᠠᠨ᠂ ᠡᠭᠦᠷᠭᠡ ᠠᠯᠬᠤᠮ ᠶᠠᠪᠤᠴᠠ ᠪᠠᠨ ᠨᠠᠷᠢ᠍ᠯᠢ᠍ᠭᠵᠢ᠍ᠭᠤᠯᠵᠤ᠂ ᠦᠷᠭᠡᠨ ᠶᠢᠡᠷ ᠰᠠᠨᠠᠯ ᠰᠠᠨᠠᠭᠤᠯᠭ᠎ᠠ ᠬᠤᠷᠢ᠍ᠶᠠᠨ᠂ ᠲᠤᠰᠬᠠᠢ ᠰᠡᠳ᠋ᠦᠪᠲᠦ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠢ ᠰᠠᠢ᠌ᠳ᠋ᠤᠷ ᠬᠢᠬᠦ ᠳ᠋ᠦ ᠬᠦᠢ᠍ᠴᠡᠳ ᠪᠡᠯᠡᠳᠭᠡᠯ ᠬᠢᠭ᠍ᠰᠡᠨ ᠪᠠᠢ᠌ᠨ᠎ᠠ᠃ ᠬᠤᠷᠠᠯ ᠳ᠋ᠦ ᠤᠷᠤᠯᠴᠠᠭᠰᠠᠳ ᠡᠴᠨ ᠪᠤᠳ᠋ᠠᠳ᠋ᠠᠢ ᠪᠠᠢ᠌ᠳ᠋ᠠᠯ ᠲᠡᠶ ᠪᠠᠨ ᠤᠶᠠᠯᠳ᠋ᠤᠭᠤᠯᠤᠨ᠂ ᠮᠠᠰᠢ ᠤᠯᠠᠨ ᠤᠨᠤᠴᠢ᠍ᠲᠠᠢ ᠰᠠᠨᠠᠯ ᠰᠠᠨᠠᠭᠤᠯᠭ᠎ᠠ ᠲᠤᠷᠠᠳ᠋ᠤᠨ᠂ ᠤᠯᠠᠨ ᠲᠠᠯ᠎ᠠ ᠶᠢᠨ ᠬᠦᠰᠡᠯ ᠪᠠ ᠱᠠᠭᠠᠷᠳ᠋ᠠᠯᠭ᠎ᠠ ᠶᠢ ᠲᠦ᠋ᠯᠦᠭᠡᠯᠡᠵᠦ᠂ ᠬᠤᠰᠢ᠍ᠭᠤᠨ ᠤ ᠨᠠᠮ ᠤᠨ ᠬᠤᠷᠢ᠍ᠶ᠎ᠠ ᠡᠯ᠎ᠠ ᠲᠠᠯ᠎ᠠ ᠶᠢᠨ ᠠᠵᠢ᠍ᠯ ᠶᠢᠡᠨ ᠤᠯᠠᠨ ᠨᠢ᠍ᠭᠡ ᠠᠯᠬᠤᠮ ᠰᠠᠢ᠌ᠳ᠋ᠤᠷ ᠬᠢᠬᠦ ᠳ᠋ᠦ ᠴᠢ᠍ᠬᠤᠯᠨ ᠯᠠᠪᠯᠠᠯᠲᠠ ᠶᠢᠨ ᠦᠷᠳ᠋ᠡᠭ᠌ ᠲᠡᠶ᠃ ᠬᠤᠷᠠᠯ ᠤᠨ ᠳᠠᠷᠠᠭ᠎ᠠ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠴᠢ᠍ᠨᠠᠭᠰᠢ᠍ᠲᠠ ᠲᠦ᠋ᠯᠦᠭᠡᠯᠡᠭ᠍ᠴᠢ᠍ᠳ ᠦᠨ ᠲᠤᠷᠠᠳ᠋ᠤᠭᠰᠠᠨ ᠰᠠᠨᠠᠯ ᠢ ᠨᠠᠷᠢ᠍ᠨ ᠬᠢᠨᠠᠮᠠᠭᠠᠢ ᠡᠮᠬᠢᠯᠡᠨ᠂ ᠴᠠᠭ ᠲᠤᠬᠠᠢ ᠳ᠋ᠦ ᠨᠢ ᠬᠤᠰᠢ᠍ᠭᠤᠨ ᠤ ᠨᠠᠮ ᠤᠨ ᠬᠤᠷᠢ᠍ᠶᠠᠨ ᠤ ᠪᠠᠢ᠌ᠩᠭ᠋ᠤ ᠶᠢᠨ ᠬᠤᠷᠢ᠍ᠶ᠎ᠠ ᠳ᠋ᠦ ᠲᠤᠰᠬᠠᠵᠦ᠂ ᠬᠤᠰᠢ᠍ᠭᠤᠨ ᠤ ᠨᠠᠮ ᠤᠨ ᠬᠤᠷᠢ᠍ᠶᠠᠨ ᠤ ᠪᠠᠢ᠌ᠩᠭ᠋ᠤ ᠶᠢᠨ ᠬᠤᠷᠢ᠍ᠶᠠᠨ ᠤ ᠲᠤᠰᠬᠠᠢ ᠰᠡᠳ᠋ᠦᠪᠲᠦ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠤᠨ ᠦᠨᠳ᠋ᠦᠷ ᠴᠢ᠍ᠨᠠᠷ ᠲᠡᠶ ᠪᠡᠷ ᠬᠤᠷᠠᠯᠳ᠋ᠤᠬᠤ ᠳ᠋ᠦ ᠰᠠᠨᠠᠯ ᠲᠤᠷᠠᠳ᠋ᠤᠨ ᠠᠷᠭ᠎ᠠ ᠤᠬᠠᠭᠠᠨ ᠭᠠᠷᠭᠠᠨ᠎ᠠ ᠭᠡᠵᠡᠢ᠃ (ᠳᠠᠯᠠᠢ)